3 ᠳ᠋ᠤᠭᠠᠷ ᠰᠠᠷ᠎ᠠ ᠶᠢᠨ 20 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠢᠶᠠᠷ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠤᠨ ᠲᠦᠰᠦᠯ︾ ᠢ ᠬᠢᠨᠠᠨ ᠵᠥᠪᠯᠡᠵᠦ ᠪᠠᠲᠤᠯᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠨᠠᠮ ᠪᠠ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠪᠠᠶᠢᠭᠤᠯᠤᠯᠲᠠ ᠶᠢᠨ ᠠᠵᠢᠯ ᠤᠨ ᠡᠨᠡ ᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ | ᠪᠦᠭᠡᠳ ᠪᠣᠳᠠᠲᠠᠢ ᠠᠳᠬᠤᠵᠤ᠂ ᠰᠤᠷᠤᠯᠴᠠᠬᠤ᠂ ᠪᠠᠶᠢᠴᠠᠭᠠᠬᠤ᠂ ᠴᠡᠭᠴᠡᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠨᠠᠷ ᠲᠠᠢ ᠰᠤᠷᠤᠯᠴᠠᠬᠤ᠂ ᠡᠷᠴᠢᠮ ᠲᠠᠢ | ᠪᠠᠶᠢᠴᠠᠭᠠᠬᠤ᠂ ᠪᠦᠲᠦᠮᠵᠢ ᠲᠠᠢ ᠴᠡᠭᠴᠡᠯᠡᠬᠦ ᠶᠢ ᠪᠠᠲᠤᠯᠠᠨ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ ᠭᠡᠵᠡᠢ᠃ | ᠬᠤᠷᠠᠯ ᠢᠶᠠᠷ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠰᠤᠷᠤᠯᠴᠠᠯᠭ᠎ᠠ ᠬᠥᠮᠦᠵᠢᠯ ᠪᠠ ᠭᠤᠣᠯ ᠪᠣᠯᠬᠤ | ᠠᠵᠢᠯ ᠤᠨ ᠠᠯᠢ ᠠᠯᠢᠨ ᠢ ᠨᠢ ᠴᠦ ᠰᠠᠭᠠᠲᠠᠭᠠᠬᠤ ᠦᠭᠡᠢ ᠮᠦᠷᠲᠡᠭᠡᠨ ᠡᠨᠡ ᠬᠦ ᠬᠤᠶᠠᠷ ᠢ ᠠᠬᠢᠭᠤᠯᠬᠤ ᠪᠠᠨ ᠪᠠᠷᠢᠮᠲᠠᠯᠠᠵᠤ᠂ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ | ᠪᠣᠳᠠᠲᠠᠢ ᠠᠰᠠᠭᠤᠳᠠᠯ ᠢ ᠰᠢᠢᠳᠪᠦᠷᠢᠯᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠤᠨ ᠴᠡᠭᠴᠡᠯᠡᠨ ᠵᠠᠰᠠᠯᠲᠠ᠂ ᠠᠵᠤ ᠦᠢᠯᠡᠰ ᠤᠨ ᠬᠥᠭᠵᠢᠯᠲᠡ᠂ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠦᠯᠦᠪᠯᠡᠨ ᠰᠠᠶᠢᠲᠤᠷ | ᠠᠳᠬᠤᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠂ ︽ᠡᠬᠢᠯᠡᠯᠲᠡ ᠰᠠᠶᠢᠨ | ᠪᠠᠶᠢᠯᠭᠠᠬᠤ︾᠂ ︽ᠤᠯᠠᠷᠢᠯ ᠪᠣᠯᠭᠠᠨ ᠳᠤ ᠪᠠᠨ ᠰᠠᠶᠢᠨ ᠪᠠᠶᠢᠯᠭᠠᠬᠤ︾᠂ ︽ᠪᠦᠬᠦ ᠵᠢᠯ ᠳᠤ ᠪᠠᠨ ᠰᠠᠶᠢᠨ ᠪᠠᠶᠢᠯᠭᠠᠬᠤ︾ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ | ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ | ᠪᠣᠯᠭᠠᠨ ᠬᠤᠪᠢᠷᠠᠭᠤᠯᠤᠨ᠎ᠠ ᠭᠡᠵᠡᠢ᠃ | |