︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠣᠯᠣᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ | ᠲᠥᠷᠥ ᠶᠢᠨ ᠪᠣᠳᠣᠯᠭ᠎ᠠ ᠬᠢᠭᠡᠳ ᠲᠠᠶᠢᠯᠤᠮᠵᠢ ᠶᠢ ᠡᠮᠬᠢᠯᠡᠨ ᠳᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃ | ᠤᠳᠤᠷᠢᠳᠤᠯᠭ᠎ᠠ ᠶᠢᠨ ᠠᠵᠢᠯᠯᠠᠭ᠎ᠠ | 1 | ᠰᠦᠨ ᠱᠤᠤ ᠴᠧᠩ | ᠠᠯᠠᠱᠠ ᠠᠶᠢᠮᠠᠭ ᠲᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ | 3 ᠳ᠋ᠤᠭᠠᠷ ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ | ᠴᠧᠩ ᠠᠯᠠᠱᠠ ᠵᠡᠭᠦᠨ ᠬᠤᠰᠢᠭᠤ ᠪᠠ ᠠᠯᠠᠱᠠ ᠪᠠᠷᠠᠭᠤᠨ ᠬᠤᠰᠢᠭᠤᠨ ᠳᠤ ᠬᠦᠷᠴᠦ᠂ ᠤᠯᠠᠭᠠᠨᠪᠤᠬ᠎ᠠ ᠶᠢᠨ ᠡᠯᠡᠰᠦ᠂ ᠪᠠᠳᠠᠢ ᠶᠢᠨ ᠵᠢᠷᠠᠨ ᠤ ᠡᠯᠡᠰᠦ ᠪᠠ ᠲᠡᠭᠷᠢ | ᠡᠯᠡᠰᠦᠨ ᠳᠤ ᠭᠦᠨᠵᠡᠭᠡᠶᠢᠷᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃ ᠢᠦᠢ ᠯᠢ ᠰᠢᠨ | ᠲᠣᠰ ᠠᠵᠢᠯᠯᠠᠭ᠎ᠠ ᠳᠤ ᠣᠷᠣᠯᠴᠠᠪᠠ᠃ | ᠤᠯᠤᠰ ᠤᠨ ᠡᠨᠧᠷᠭᠢ ᠶᠢᠨ ᠪᠡᠯᠡ ᠣᠷᠤᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ ᠲᠠᠢ ᠠᠭᠤᠯᠵᠠᠪᠠ | 3 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠬᠥᠬᠡᠬᠤᠲᠠ ᠳᠤ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠽᠧᠦ ᠯᠧᠢ ᠲᠠᠢ ᠠᠭᠤᠯᠵᠠᠪᠠ᠃ ᠢᠦᠢ ᠯᠢ ᠰᠢᠨ ᠲᠣᠰ ᠠᠭᠤᠯᠵᠠᠯᠲᠠ ᠳᠤ ᠣᠷᠣᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠢ ᠪᠠᠷᠠᠳᠠᠨ ᠠᠭᠤᠯᠵᠠᠪᠠ | 3 ᠳ᠋ᠤᠭᠠᠷ ᠰᠠᠷ᠎ᠠ ᠶᠢᠨ 17 ᠤ ᠡᠳᠦᠷ ᠠᠴᠠ 21 ᠤ ᠡᠳᠦᠷ ᠪᠣᠯᠲᠠᠯ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠲᠥᠪ ᠬᠤᠷᠢᠶᠠᠨ ᠤ ᠲᠡᠷᠢᠭᠦᠯᠡᠭᠴᠢ | ᠵᠧᠩ ᠵᠢᠶᠠᠨ ᠪᠠᠩ ᠪᠦᠯᠬᠦᠮ ᠳᠠᠭᠠᠭᠤᠯᠤᠨ ᠱᠠᠨ ᠰᠢ᠂ ᠥᠪᠥᠷ ᠮᠣᠩᠭᠤᠯ ᠳᠤ ︽ᠰᠢᠨ᠎ᠡ ᠬᠡᠯᠪᠡᠷᠢ ᠶᠢᠨ ᠡᠨᠧᠷᠭᠢ ᠶᠢᠨ ᠲᠣᠭᠲᠠᠯᠴᠠᠭ᠎ᠠ ᠶᠢ ᠲᠦᠷᠭᠡᠪᠴᠢᠯᠡᠨ | ᠪᠠᠶᠢᠭᠤᠯᠵᠤ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ︾ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠪᠡ᠃ | ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠤ ᠴᠧᠩ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠢ ᠪᠠᠷᠠᠳᠠᠨ ᠠᠭᠤᠯᠵᠠᠪᠠ᠃ | 2 | ᠸᠠᠩ ᠯᠢ ᠰᠢᠶᠠ | ᠣᠷᠳᠣᠰ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ | ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠠᠶᠢᠮᠠᠭ ᠬᠤᠲᠠ ᠯᠤᠭ᠎ᠠ ᠬᠠᠷᠢᠯᠴᠠᠬᠤ ᠠᠵᠢᠯ ᠤᠨ ᠲᠣᠭᠲᠠᠴᠠ ᠶᠣᠰᠣᠭᠠᠷ᠂ 3 ᠳ᠋ᠤᠭᠠᠷ ᠰᠠᠷ᠎ᠠ ᠶᠢᠨ 17 ᠤ | ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠣᠷᠳᠣᠰ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠢᠭᠡᠳᠦᠭᠡᠷ ᠤᠯᠠᠷᠢᠯ ᠳᠤ ︽ | ᠡᠬᠢᠯᠡᠯᠲᠡ ᠰᠠᠶᠢᠨ︾ ᠪᠠᠶᠢᠯᠭᠠᠬᠤ ᠶᠢ ᠰᠢᠮᠳᠠᠭᠤᠯᠤᠨ ᠵᠢᠯᠣᠭᠤᠳᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯᠳᠤᠭᠠᠨ ᠢ ᠡᠷᠬᠢᠯᠡᠨ | ᠬᠤᠷᠠᠯᠳᠤᠭᠤᠯᠪᠠ | 3 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠥᠵᠢᠯ ᠤᠨ ᠠᠵᠢᠯ ᠢ ᠭᠦᠨᠵᠡᠭᠡᠢ ᠲᠤᠭᠤᠰᠢᠯᠠᠭᠤᠯᠬᠤ ᠪᠠᠷ ᠰᠤᠳᠤᠯᠤᠨ ᠪᠠᠶᠢᠷᠢᠯᠠᠭᠤᠯᠤᠯᠲᠠ ᠬᠢᠪᠡ᠃ | 3 | ᠪᠦᠦ ᠰᠢᠶᠠᠨ ᠬᠤᠸᠠ | ᠪᠥᠬᠦ ᠣᠷᠣᠨ ᠤ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ | ᠬᠤᠷᠠᠯᠳᠤᠭᠠᠨ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ | 3 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠣᠷᠣᠨ ᠤ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯᠳᠤᠭᠠᠨ ᠬᠥᠬᠡᠬᠤᠲᠠ ᠳᠤ ᠬᠤᠷᠠᠯᠳᠤᠪᠠ᠃ ᠬᠤᠷᠠᠯᠳᠤᠭᠠᠨ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠳᠤᠷᠠᠳᠤᠭᠰᠠᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠥᠪ ᠤᠨ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠳᠠᠬᠢ ᠨᠠᠮ ᠤᠨ ᠰᠢᠨ᠎ᠡ ᠶᠢ ᠡᠭᠦᠳᠬᠦ ᠤᠨᠤᠯ ᠤᠨ | ᠰᠤᠷᠤᠯᠴᠠᠯᠭ᠎ᠠ ᠰᠤᠳᠤᠯᠭᠠᠨ ᠤᠬᠠᠭᠤᠯᠭ᠎ᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠦᠦ ᠰᠢᠶᠠᠨ ᠬᠤᠸᠠ ᠲᠣᠰ ᠬᠤᠷᠠᠯᠳᠤᠭᠠᠨ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ | 4 | ᠵᠧᠩ ᠭᠤᠸᠠᠩ ᠵᠤᠤ | ᠪᠥᠬᠦ ᠣᠷᠣᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠠᠬᠢᠭᠤᠯᠬᠤ ᠬᠤᠷᠠᠯ ᠢ | ᠡᠷᠬᠢᠯᠡᠪᠡ | 3 ᠳ᠋ᠤᠭᠠᠷ ᠰᠠᠷ᠎ᠠ ᠶᠢᠨ 19 ᠤ ᠡᠳᠦᠷ᠂ ᠪᠥᠬᠦ ᠣᠷᠣᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠠᠬᠤᠢ | ᠲᠠᠯᠠᠪᠠᠶ ᠶᠢᠨ ᠠᠬᠢᠭᠤᠯᠬᠤ ᠬᠤᠷᠠᠯ ᠪᠤᠭᠤᠲᠤ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠱᠢ ᠭᠤᠸᠠᠩ ᠬᠤᠶ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠬᠤᠷᠠᠯ ᠢ ᠡᠷᠭᠢᠯᠡᠵᠦ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠵᠠᠢ᠃ | 5 | ᠶᠣᠣ ᠶᠦᠩ ᠪᠦᠸᠧ | ᠪᠥᠬᠦ ᠣᠷᠣᠨ ᠤ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠤ ᠠᠵᠢᠯ ᠢ ᠠᠬᠢᠭᠤᠯᠬᠤ ᠸᠢᠳᠢᠣ᠋ ᠬᠤᠷᠠᠯᠳᠤᠭᠠᠨ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠪᠠ | 3 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠣᠷᠣᠨ ᠤ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠤ ᠠᠵᠢᠯ ᠢ ᠠᠬᠢᠭᠤᠯᠬᠤ ᠸᠢᠳᠢᠣ᠋ ᠬᠤᠷᠠᠯᠳᠤᠭᠠᠨ | ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠲᠣᠰ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠠᠵᠤ ᠠᠬᠤᠶᠢᠯᠠᠯ᠂ | ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠨ ᠤᠷᠢᠯᠭ᠎ᠠ ᠪᠠᠷ | ᠬᠤᠷᠠᠯᠳᠤᠭᠠᠨ ᠳᠤ ᠣᠷᠣᠯᠴᠠᠪᠠ᠃ | ᠪᠥᠬᠦ ᠣᠷᠣᠨ ᠤ ᠤᠰᠤ ᠠᠷᠪᠢᠯᠠᠬᠤ ᠠᠵᠢᠯᠯᠠᠭᠠᠨ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠤᠢ | ᠲᠠᠯᠠᠪᠠᠢ ᠶᠢᠨ ᠠᠬᠢᠭᠤᠯᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ | 3 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠤᠰᠤ ᠠᠷᠪᠢᠯᠠᠬᠤ ᠠᠵᠢᠯᠯᠠᠭᠠᠨ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠠᠬᠢᠭᠤᠯᠬᠤ ᠬᠤᠷᠠᠯ ᠤᠯᠠᠭᠠᠨᠬᠠᠳᠠ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ | |