ᠡᠵᠡᠨ᠎ᠡ ᠶᠢᠨ ᠳ᠋ᠦᠩᠹᠧᠩ ᠪᠠᠭᠤᠯᠲᠠ ᠶᠢᠨ ᠲᠠᠯᠠᠪᠠᠢ ᠪᠡᠯᠡᠳᠬᠡᠯ ᠢᠶᠠᠨ ᠰᠠᠶᠢᠲᠤᠷ ᠬᠢᠵᠦ ᠪᠠᠭᠠᠲᠤᠷ ᠰᠠᠨᠰᠠᠷᠴᠢᠳ ᠢᠶᠠᠨ ᠤᠭᠲᠤᠬᠤ ᠳᠤ ᠪᠡᠯᠡᠬᠡᠨ ᠪᠣᠯᠣᠯ᠎ᠠ
ᠨᠡᠶᠢᠲᠡᠯᠡᠭᠰᠡᠨ ᠴᠠᠭ᠄
2025/4/29
       4 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠪᠠᠶᠢᠷᠢᠯᠠᠭ᠎ᠠ ᠳ᠋ᠦᠩᠹᠧᠩ ᠪᠠᠭᠤᠯᠲᠠ ᠶᠢᠨ ᠲᠠᠯᠠᠪᠠᠢ ᠳᠤ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠡᠷᠢᠨ ᠠᠪᠤᠷᠠᠵᠤ ᠪᠤᠴᠠᠭᠠᠨ ᠠᠪᠬᠤ ᠡᠭᠦᠷᠭᠡ ᠶᠢᠨ ᠳᠠᠶᠢᠯᠠᠯᠳᠤᠭᠠᠨ ᠤ ᠡᠮᠦᠨᠡᠬᠢ ᠲᠠᠩᠭᠠᠷᠢᠭᠯᠠᠬᠤ ᠶᠡᠭᠡ ᠬᠤᠷᠠᠯ ᠬᠢᠵᠦ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠡᠷᠢᠵᠦ ᠠᠪᠤᠷᠠᠬᠤ ᠪᠠ ᠪᠤᠴᠠᠭᠠᠨ ᠠᠪᠬᠤ ᠡᠭᠦᠷᠭᠡ ᠶᠢᠨ ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠪᠠ᠃       ᠲᠠᠩᠭᠠᠷᠢᠭᠯᠠᠬᠤ ᠬᠤᠷᠠᠯ ᠳᠡᠭᠡᠷ᠎ᠡ᠂ ᠠᠭᠠᠷ ᠤᠨ ᠬᠤᠪᠢᠶᠠᠷᠢ ᠠᠩᠭᠢ᠂ ᠭᠠᠵᠠᠷ ᠳᠡᠭᠡᠷᠡᠬᠢ ᠬᠤᠪᠢᠶᠠᠷᠢ ᠠᠩᠭᠢ᠂ ᠡᠵᠡᠨ᠎ᠡ ᠬᠤᠰᠢᠭᠤᠨ ᠤ ᠡᠷᠦᠬᠡ ᠶᠢᠨ ᠴᠡᠷᠢᠭ ᠤᠨ ᠬᠤᠪᠢᠶᠠᠷᠢ ᠠᠩᠭᠢ ᠳᠡᠰ ᠳᠠᠷᠠᠭ᠎ᠠ ᠲᠠᠢ ᠪᠠᠷ ᠲᠥᠯᠥᠭᠡᠯᠡᠭᠴᠢ ᠲᠣᠮᠢᠯᠠᠨ ᠲᠠᠶᠢᠰᠠᠨ ᠳᠤ ᠭᠠᠷᠴᠤ ᠵᠣᠷᠢᠭ ᠢᠶᠠᠨ ᠢᠯᠡᠳᠬᠡᠪᠡ᠃ ᠡᠭᠦᠨ ᠤ ᠬᠠᠮᠲᠤ᠂ ᠲᠤᠷᠰᠢᠯᠲᠠ ᠳᠤ ᠣᠷᠣᠯᠴᠠᠭᠰᠠᠨ ᠬᠥᠮᠥᠰ ᠤᠨ ᠲᠡᠮᠡᠴᠡᠯ ᠤᠨ ᠵᠣᠷᠢᠭ ᠢ ᠤᠯᠠᠮ ᠬᠥᠭᠵᠢᠭᠡᠵᠦ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠶᠢᠨ ᠲᠥᠯᠥᠭᠡ ᠪᠠᠰᠠ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠡᠷᠢᠵᠦ ᠠᠪᠤᠷᠠᠬᠤ ᠬᠤᠰᠢᠭᠤᠴᠢ ᠴᠡᠷᠢᠭ ᠢ ᠬᠥᠬᠢᠭᠦᠯᠦᠨ ᠰᠠᠶᠢᠰᠢᠶᠠᠪᠠ᠃ ᠡᠨᠡ ᠪᠣᠯ ᠳ᠋ᠦᠩᠹᠧᠩ ᠪᠠᠭᠤᠯᠲᠠ ᠶᠢᠨ ᠲᠠᠯᠠᠪᠠᠶ ᠶᠢᠨ ᠬᠢᠨ ᠨᠠᠢᠮᠠᠳᠤᠭᠠᠷ ᠤᠳᠠᠭ᠎ᠠ ᠬᠥᠮᠥᠨ ᠰᠠᠭᠤᠯᠭᠠᠭᠰᠠᠨ ᠰᠠᠨᠰᠠᠷ ᠤᠨ ᠣᠩᠭᠤᠴᠠ ᠶᠢ ᠡᠷᠢᠵᠦ ᠠᠪᠤᠷᠠᠬᠤ ᠪᠣᠯᠣᠨ ᠰᠠᠨᠰᠠᠷᠴᠢᠳ ᠢ ᠠᠪᠤᠷᠠᠨ ᠲᠤᠰᠠᠯᠠᠬᠤ ᠡᠭᠦᠷᠭᠡ ᠭᠦᠢᠴᠡᠳᠬᠡᠵᠦ ᠪᠠᠶᠢᠭ᠎ᠠ ᠶᠠᠪᠤᠳᠠᠯ ᠪᠣᠯᠣᠨ᠎ᠠ᠂ ᠣᠳᠣᠬᠠᠨ ᠳᠤ ᠪᠠᠭᠤᠯᠲᠠ ᠶᠢᠨ ᠲᠠᠯᠠᠪᠠᠶ ᠵᠢᠴᠢ ᠡᠯ᠎ᠡ ᠲᠤᠷᠰᠢᠯᠲᠠ ᠳᠤ ᠣᠷᠤᠯᠴᠠᠬᠤ ᠰᠢᠰᠲ᠋ᠧᠮ ᠰᠠᠨᠰᠠᠷᠴᠢᠳ ᠢ ᠤᠭᠲᠤᠬᠤ ᠡᠯ᠎ᠡ ᠲᠠᠯ᠎ᠠ ᠶᠢᠨ ᠪᠡᠯᠡᠳᠬᠡᠯ ᠠᠵᠢᠯ ᠢᠶᠠᠨ ᠠᠮᠵᠢᠭᠤᠯᠤᠨ ᠰᠠᠶᠢᠲᠤᠷ ᠬᠢᠵᠦ ᠪᠠᠶᠢᠨ᠎ᠠ᠃       ᠳᠤᠮᠳᠠᠳᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠠᠯᠪᠠᠨ ᠭᠡᠷ ᠤᠨ ᠮᠡᠳᠡᠭᠡ ᠶᠢ ᠦᠨᠳᠦᠰᠦᠯᠡᠪᠡᠯ᠂ 4 ᠰᠠᠷ᠎ᠠ ᠶᠢᠨ 27 ᠤ ᠡᠳᠦᠷ᠂ ᠬᠤᠪᠢᠯᠭᠠᠨ ᠣᠩᠭᠤᠴᠠ ᠠᠷᠪᠠ ᠶᠢᠰᠦᠳᠦᠭᠡᠷ᠂ ᠬᠤᠪᠢᠯᠭᠠᠨ ᠣᠩᠭᠤᠴᠠ ᠬᠤᠷᠢᠳᠤᠭᠠᠷ ᠤᠨ ᠰᠠᠨᠰᠠᠷᠴᠢᠨ ᠤ ᠳᠤᠭᠤᠶᠢᠯᠠᠩ ᠲᠤᠰᠢᠶᠠᠨ ᠥᠭᠴᠦ ᠬᠦᠯᠢᠶᠡᠨ ᠠᠪᠬᠤ ᠶᠣᠰᠣᠯᠠᠯ ᠶᠠᠪᠤᠭᠤᠯᠵᠤ᠂ ᠳᠤᠮᠳᠠᠳᠤ ᠤᠯᠤᠰ ᠤᠨ ᠣᠭᠲᠠᠷᠭᠤᠢ ᠶᠢᠨ ᠦᠷᠲᠡᠭᠡ ᠶᠢᠨ ᠲᠦᠯᠬᠢᠭᠦᠷ ᠢ ᠳᠠᠮᠵᠢᠭᠤᠯᠪᠠ᠃ ᠣᠳᠣᠬᠠᠨ ᠪᠣᠯᠲᠠᠯ᠎ᠠ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠰᠠᠨᠰᠠᠷᠴᠢᠨ ᠤ ᠳᠤᠭᠤᠶᠢᠯᠠᠩ ᠨᠢᠭᠡᠨᠲᠡ ᠲᠣᠭᠲᠠᠭᠰᠠᠨ ᠡᠭᠦᠷᠭᠡ ᠪᠠᠨ ᠪᠦᠬᠦᠨ ᠢ ᠪᠡᠶᠡᠯᠡᠭᠦᠯᠦᠭᠰᠡᠨ ᠪᠥᠭᠡᠳ 4 ᠰᠠᠷ᠎ᠠ ᠶᠢᠨ 29 ᠤ ᠡᠳᠦᠷ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠥᠨ ᠰᠠᠭᠤᠯᠭᠠᠭᠰᠠᠨ ᠨᠢᠰᠬᠦ ᠣᠩᠭᠤᠴᠠᠨ ᠳᠤ ᠰᠠᠭᠤᠵᠤ ᠳ᠋ᠦᠩᠹᠧᠩ ᠪᠠᠭᠤᠯᠲᠠ ᠶᠢᠨ ᠲᠠᠯᠠᠪᠠᠶ ᠳᠤ ᠪᠤᠴᠠᠵᠤ ᠢᠷᠡᠬᠦ ᠪᠣᠯᠣᠨ᠎ᠠ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ