3 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠡᠬᠢᠯᠡᠬᠦ ᠶᠢᠨ ᠬᠠᠮᠲᠤ ᠠᠩᠬᠠᠳᠤᠭᠠᠷ ᠤᠳᠠᠭ᠎ᠠ ᠶᠢᠨ ᠪᠦᠭᠦᠳᠠ ᠬᠤᠷᠠᠯ ᠬᠢᠪᠡ᠃ | | | | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠣᠲᠣ 70 ᠪᠦᠷᠢᠯᠳᠦᠭᠦᠨ ᠲᠠᠢ᠂ 64 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ | ᠲᠤᠭ᠎ᠠ ᠳᠤ ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠵᠧᠩ ᠬᠤᠩ ᠹᠠᠨ᠂ ᠠᠢ ᠯᠢ | ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠸᠠᠨ ᠴᠤᠤ ᠴᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ | ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ | ᠰᠤᠯᠠ ᠣᠷᠣᠯᠴᠠᠵᠠᠢ᠃ | ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠵᠠᠩ ᠱᠤᠤ ᠴᠦᠨ ᠤ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ | ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ᠂ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ | ᠵᠥᠪᠯᠡᠯ ᠤᠨ ᠳᠡᠳ᠋ ᠡᠷᠭᠢᠯᠡᠭᠴᠢ ᠴᠧᠨ ᠵᠢᠢ ᠴᠢᠩ ᠤᠨ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ | ᠲᠣᠳᠣᠷᠬᠠᠶᠢᠯᠠᠯᠲᠠ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ | ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ | ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ | ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠵᠠᠢ | ᠶᠢᠩ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠦᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ︵ | ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠩᠭᠤ ᠶᠢᠨ | ᠳᠡᠳ᠋ ᠳᠠᠷᠤᠭ᠎ᠠ ᠯᠢᠦ ᠬᠤᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ | ᠬᠠᠮᠢᠶᠠᠷᠤᠯᠲᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠬᠤᠯᠪᠣᠭᠠᠲᠤ ᠬᠤᠷᠰᠢᠶ᠎ᠠ ᠶᠢᠨ ᠬᠡᠷᠡᠭ ᠡᠷᠭᠢᠯᠡᠭᠴᠢᠳ ᠤᠨ ᠬᠤᠷᠠᠯ ᠤᠨ ᠡᠷᠭᠢᠯᠡᠭᠴᠢ ᠴᠢᠶᠣᠤ ᠶᠦᠨ ᠯᠢ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃ | ᠬᠤᠷᠠᠯ ᠠᠴᠠ ᠶᠠᠩ ᠽᠥᠩ ᠷᠧᠨ ᠤ ᠬᠢᠭᠰᠡᠨ ᠰᠢᠭᠦᠨ ᠲᠠᠰᠤᠯᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ ᠬᠠᠤᠯᠢ ᠶᠣᠰᠣᠭᠠᠷ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢ ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠳᠠᠷᠤᠭ᠎ᠠ ᠵᠢᠦᠢ ᠱᠤ᠋ ᠸᠧᠨ ᠤ ᠬᠢᠭᠰᠡᠨ 2024 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ | ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠳᠠᠷᠤᠭ᠎ᠠ ᠾᠥᠸᠧ ᠵᠣᠣ ᠯᠢᠶᠠᠩ ᠤᠨ ᠬᠢᠭᠰᠡᠨ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ 2024 ᠣᠨ ᠤ ᠬᠢᠨᠠᠨ ᠪᠣᠳᠣᠯᠲᠠ ᠪᠠᠷ ᠪᠠᠶᠢᠴᠠᠭᠠᠨ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠨᠤᠮᠵᠢ ᠲᠠᠢ ᠪᠠᠶᠢᠬᠤ | ᠬᠡᠮᠵᠢᠶ᠎ᠡ ᠶᠢ ᠰᠢᠯᠭᠠᠨ ᠦᠨᠡᠯᠡᠪᠡ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠭᠢᠯᠡᠭᠴᠢ ᠵᠠᠩ ᠽᠦᠸᠧ ᠾᠧᠦ ᠶᠢᠨ ᠬᠢᠭᠰᠡᠨ 2024 ᠣᠨ ᠤ ᠪᠦᠷᠢᠳᠬᠡᠨ ᠳᠠᠩᠰᠠᠯᠠᠭᠤᠯᠵᠤ | ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ | ᠭᠡᠰᠢᠭᠦᠨ ᠭᠦᠸᠧ ᠰᠢᠨ ᠤ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠪᠠᠰᠠ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠪᠤᠷᠢ ᠣᠷᠣᠭᠤᠯᠤᠭᠰᠠᠨ | ᠥᠪᠡᠷᠲᠡᠭᠡᠨ ᠵᠠᠰᠠᠬᠤ ᠳᠦᠷᠢᠮ᠂ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠥᠰᠥᠪ ᠤᠨ ᠠᠵᠢᠯ ᠤᠨ ᠵᠥᠪᠯᠡᠯ ᠤᠨ 2024 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ | ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠬᠢᠨᠠᠨ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ | ᠭᠡᠰᠢᠭᠦᠨ᠂ ᠬᠡᠰᠡᠭ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠪᠠ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠲᠠ᠂ | ᠮᠠᠨᠵᠤᠤᠷ ᠬᠤᠲᠠ᠂ ᠡᠷᠢᠶᠡᠨ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ | ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ |