︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/4/7
       ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃       ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠣᠷᠣᠭᠤᠯᠪᠠ᠃ ᠲᠣᠰ ᠨᠣᠮ ᠤᠨ ᠢᠰᠫᠠᠨᠢ ᠬᠡᠯᠡᠨ ᠤ ᠬᠡᠪᠯᠡᠯ ᠪᠣᠯᠣᠨ ᠲᠦᠷᠦᠭᠦᠬᠡᠨ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠭᠡᠯᠡ᠂ ᠠᠷᠠᠪ ᠭᠡᠯᠡ᠂ ᠶᠠᠫᠤᠨ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠵᠠᠮᠨᠠᠭᠰᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠤᠨ ᠬᠢᠨ ᠤ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ