4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠲᠠ ᠶᠢᠨ ᠵᠠᠰᠠᠭ ᠤᠨ | ᠣᠷᠳᠣᠨ ᠤ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ | ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠡᠬᠡᠬᠡᠯᠳᠡ ᠬᠢᠬᠦ ᠤᠬᠠᠮᠰᠠᠷ ᠢᠶᠠᠨ ᠴᠢᠩᠭᠠᠳᠬᠠᠵᠤ᠂ ᠨᠡᠬᠡᠬᠡᠯᠳᠡ | ᠬᠢᠬᠦ ᠠᠯᠬᠤᠴᠠ ᠪᠠᠨ ᠲᠦᠷᠭᠡᠳᠬᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠪᠣᠳᠠᠲᠤ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠵᠠᠶᠢᠯᠠᠰᠢ ᠦᠭᠡᠢ ᠲᠦᠷᠢᠮ ᠢ ᠪᠠᠶᠢᠭᠤᠯᠤᠨ ᠪᠦᠷᠢᠨᠰᠢᠬᠦᠯᠬᠦ | ᠲᠤᠬᠠᠢ ᠬᠡᠷᠡᠭᠵᠢᠭᠦᠯᠬᠦ ᠲᠥᠰᠦᠯ︾ ᠢ ᠤᠯᠠᠮᠵᠢᠯᠠᠨ ᠰᠤᠷᠤᠯᠴᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠶᠢᠨ ᠲᠦᠢᠯ ᠤᠨ | ᠴᠢᠬᠤᠯᠠ ᠴᠢᠨᠠᠷ ᠢ ᠤᠯᠤᠰ ᠲᠦᠷᠦ ᠶᠢᠨ ᠲᠠᠯ᠎ᠠ ᠠᠴᠠ ᠲᠠᠨᠢᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ | ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠠᠵᠢᠯ ᠤᠨ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠠᠷᠭ᠎ᠠ ᠪᠠᠷ ᠲᠤᠭ᠎ᠠ ᠪᠦᠷᠢᠳᠬᠡᠯ ᠤᠨ ᠠᠵᠢᠯ ᠢ ᠴᠢᠨᠠᠷᠯᠢᠭ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠥᠯᠥᠨ | ᠪᠤᠶᠢᠷ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠢ ᠰᠦᠢᠳᠭᠡᠵᠦ ᠨᠤᠭᠤ ᠭᠠᠵᠠᠷ ᠢ ᠰᠦᠢᠳᠭᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠡᠷᠴᠢᠮᠲᠡᠢ ᠴᠡᠭᠴᠡᠯᠡᠨ ᠵᠠᠰᠠᠵᠤ᠂ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠵᠤ᠂ ᠣᠶ ᠰᠢᠭᠤᠶ ᠨᠤᠲᠤᠭ ᠪᠡᠯᠴᠢᠭᠡᠷ ᠢ ᠰᠦᠢᠳᠭᠡᠵᠦ ᠨᠤᠭᠤ | ᠭᠠᠵᠠᠷ ᠢ ᠰᠦᠢᠳᠭᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠵᠤ᠂ ᠲᠥᠪᠯᠡᠷᠡᠭᠦᠯᠦᠨ | ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠰᠲ᠋ᠧᠮ ᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠵᠢᠷᠭᠤᠭᠠᠨ ᠠᠵᠢᠯᠯᠠᠭᠠᠨ︾ ᠢ ᠨᠠᠶᠢᠳᠠᠪᠤᠷᠢᠵᠢᠭᠤᠯᠤᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ | ᠲᠥᠷᠥᠯ ᠤᠨ ᠬᠦᠷᠢᠶᠡᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠢ ᠴᠠᠭ | ᠲᠤᠬᠠᠶ ᠳᠤᠨᠢ ᠳᠠᠭᠠᠵᠤ᠂ ᠠᠵᠢᠯ ᠤᠨ ᠠᠷᠭ᠎ᠠ ᠬᠡᠮᠵᠢᠶ᠎ᠡ ᠶᠢ ᠠᠯᠬᠤᠮ ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠬᠠᠷᠠᠯᠲᠠ ᠶᠢ ᠴᠢᠩᠭ᠎ᠠ ᠠᠩᠬᠠᠷᠴᠤ | ᠠᠵᠢᠯᠯᠠᠭ᠎ᠠ ᠶᠢ ᠠᠳᠬᠤᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠬᠤᠲᠠ ᠶᠢᠨ ︽ᠵᠢᠷᠭᠤᠭᠠᠨ | ᠠᠵᠢᠯᠯᠠᠭᠠᠨ︾ ᠤ ᠠᠵᠢᠯ ᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠲᠠᠰ ᠤᠨ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠬᠢᠨᠠᠨ ᠰᠢᠯᠭᠠᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ︽ᠬᠥᠯᠥᠨ ᠪᠤᠶᠢᠷ ᠬᠤᠲᠠ ᠶᠢᠨ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ︵ᠲᠥᠰᠦᠯ︶︾ ᠢ ᠬᠢᠨᠠᠨ ᠵᠥᠪᠯᠡᠪᠡ᠃ |