ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠨᠠᠰᠤᠲᠠᠶᠢᠴᠤᠳ ᠤᠨ ᠭᠡᠷ ᠪᠦᠯᠢ ᠶᠢᠨ ᠠᠮᠢᠳᠤᠷᠠᠯ ᠤᠨ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠬᠡᠷᠡᠭᠯᠡᠭᠡ ᠶᠢ ᠳᠠᠶᠢᠴᠢᠯᠠᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠵᠡᠷᠭᠡ 6 ᠰᠠᠯᠠᠭ᠎ᠠ ᠮᠥᠴᠢᠷ ᠬᠠᠮᠲᠤᠷᠠᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠴᠢᠮᠡᠭᠯᠡᠯ ᠲᠣᠭᠤᠭᠠᠨ ᠭᠡᠷ | ᠤᠬᠢᠶᠠᠯᠭ᠎ᠠ ᠴᠡᠪᠡᠷᠯᠡᠭᠡ ᠶᠢᠨ ᠡᠳ᠋ᠯᠡᠯ ᠬᠡᠷᠡᠭᠰᠡᠯ ᠢ ︿ᠰᠢᠨᠡᠳᠬᠡᠬᠦ﹀ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠨᠥᠬᠦᠪᠦᠷᠢ ᠶᠢᠨ | ᠪᠠᠷᠢᠮᠵᠢᠶ᠎ᠠ᠂ ᠬᠡᠪᠴᠢᠶ᠎ᠡ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠨ᠂ ᠨᠠᠰᠤᠲᠠᠶᠢᠴᠤᠳ ᠲᠤ ᠦᠨᠡᠨ ᠪᠣᠳᠠᠲᠠᠢ ᠠᠰᠠᠷᠠᠮᠵᠢ ᠬᠦᠷᠲᠡᠭᠡᠬᠦ ᠪᠠᠷ ᠪᠠᠶᠢᠨ᠎ᠠ᠃ | ᠨᠥᠬᠦᠪᠦᠷᠢ ᠣᠯᠭᠤᠬᠤ ᠡᠲᠡᠭᠡᠳ ᠪᠠ ᠪᠠᠷᠢᠮᠵᠢᠶ᠎ᠠ ᠶᠢᠨ ᠲᠠᠯ᠎ᠠ ᠪᠠᠷ᠂ 2025 ᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ | ᠬᠤᠭᠤᠴᠠᠭᠠᠨ ᠳᠤ ᠥᠪᠥᠷ ᠮᠣᠩᠭᠤᠯ ᠳᠤ ᠪᠠᠶᠢᠩᠭᠤ ᠰᠠᠭᠤᠭ᠎ᠠ ᠪᠥᠭᠡᠳ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠴᠥᠮ ᠲᠣᠰ | ᠨᠥᠬᠦᠪᠦᠷᠢ ᠶᠢ ᠬᠦᠷᠲᠡᠵᠦ ᠪᠣᠯᠣᠨ᠎ᠠ᠃ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠲᠣᠬᠢᠷᠠᠬᠤᠶᠢᠴᠠ ᠦᠢᠯᠡᠳᠬᠦᠨ ᠤ ᠪᠣᠳᠠᠲᠠᠢ ᠠᠷᠠᠯᠵᠢᠶᠠᠯᠠᠭᠰᠠᠨ ᠦᠨ᠎ᠡ ᠶᠢᠨ | 30% ᠪᠠᠷ ᠨᠥᠬᠦᠪᠦᠷᠢ ᠥᠭᠭᠦᠨ᠎ᠡ᠃ | ᠨᠥᠬᠦᠪᠦᠷᠢ ᠥᠭᠬᠦ ᠬᠡᠪᠴᠢᠶ᠎ᠡ ᠶᠢ ᠴᠦ ᠲᠣᠳᠣᠷᠬᠠᠢ ᠵᠠᠭᠠᠭᠯᠠᠨ ᠲᠣᠭᠲᠠᠭᠠᠪᠠ᠃ ᠱᠠᠯᠠ ᠪᠠ ᠡᠭᠦᠳᠡ ᠶᠢ ᠥᠭᠡᠷᠡᠴᠢᠯᠡᠨ ᠵᠠᠰᠠᠬᠤ᠂ ᠤᠨᠲᠠᠯᠭ᠎ᠠ ᠶᠢᠨ | ᠦᠷᠦᠭᠡ ᠶᠢ ᠥᠭᠡᠷᠡᠴᠢᠯᠡᠨ ᠵᠠᠰᠠᠬᠤ᠂ ᠤᠬᠢᠶᠠᠯᠭ᠎ᠠ ᠴᠡᠪᠡᠷᠯᠡᠭᠡ ᠶᠢᠨ ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠬᠦ᠂ ᠲᠣᠭᠤᠭᠠᠨ ᠭᠡᠷ ᠤᠨᠲᠥᠬᠦᠭᠡᠷᠦᠮᠵᠢ ᠶᠢ | ᠥᠭᠡᠷᠡᠴᠢᠯᠡᠨ ᠰᠢᠨᠡᠳᠬᠡᠬᠦ᠂ ᠹᠢᠽᠢᠺ ᠤᠨ ᠣᠷᠴᠢᠨ ᠲᠣᠭᠤᠷᠢᠨ ᠢ ᠥᠭᠡᠷᠡᠴᠢᠯᠡᠨ ᠵᠠᠰᠠᠬᠤ᠂ ᠣᠶᠤᠨᠴᠢ ᠲᠤᠰᠠᠯᠠᠬᠤ ᠦᠢᠯᠡᠳᠬᠦᠨ ᠵᠡᠷᠭᠡ ᠵᠢᠷᠭᠤᠭᠠᠨ ᠶᠡᠭᠡ | ᠲᠦᠷᠣᠯ ᠤᠨ 25 ᠵᠦᠢᠯ ᠤᠨ ᠲᠠᠸᠠᠷ ᠢ ᠬᠠᠮᠤᠷᠴᠠᠢ᠃ ᠬᠡᠷᠡᠭᠯᠡᠭᠴᠢᠳ ︽ᠥᠪᠥᠷ ᠮᠣᠩᠭᠤᠯ ᠤᠨ ᠠᠷᠠᠳ ᠤᠨ ᠶᠠᠪᠤᠳᠠᠯ︾ ᠤᠨ ᠵᠢᠷᠭᠢᠶ᠎ᠡ ᠶᠢᠨ ᠤᠯᠠᠨ ᠨᠡᠶᠢᠲᠡ ᠶᠢᠨ | ᠲᠠᠪᠴᠠᠩ ᠢᠶᠠᠷ ᠦᠶᠢᠯᠡᠳᠭᠦᠨ ᠤ ᠨᠠᠷᠢᠨ ᠲᠠᠩᠰᠠ ᠶᠢ ᠲᠣᠳᠣᠷᠬᠠᠢ ᠣᠶᠢᠯᠠᠭᠠᠵᠤ ᠪᠣᠯᠣᠨ᠎ᠠ᠃ | ᠨᠥᠬᠦᠪᠦᠷᠢ ᠭᠤᠶᠤᠴᠢᠯᠠᠬᠤ ᠶᠠᠪᠤᠴᠠ ᠨᠢ ᠲᠥᠭᠦᠮ ᠳᠥᠲᠡ ᠪᠥᠭᠡᠳ ᠥᠨᠳᠥᠷ ᠪᠦᠲᠦᠮᠵᠢᠲᠡᠢ᠃ ᠬᠡᠷᠡᠭᠯᠡᠭᠴᠢᠳ ᠵᠥᠪᠬᠡᠨ ᠲᠤᠮᠳᠠᠲᠤ ᠤᠯᠤᠰ ᠤᠨ | ᠪᠠᠩᠬᠢ ᠶᠢᠨ ᠬᠤᠯᠪᠣᠭ᠎ᠠ ᠶᠢᠨ ︽ᠶᠦᠨ ᠱᠠᠨ ᠹᠦ᠋︾ APP ᠪᠠᠷ ᠲᠠᠮᠵᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠭᠡᠷ ᠤᠨ ᠴᠢᠮᠡᠭᠯᠡᠯ | ᠲᠣᠭᠤᠭᠠᠨ ᠭᠡᠷ ᠤᠬᠢᠶᠠᠯᠭ᠎ᠠ ᠴᠡᠪᠡᠷᠯᠡᠭᠡ ᠶᠢᠨ ᠬᠡᠷᠡᠭᠰᠡᠯ ᠢᠶᠠᠨ ᠰᠢᠨ᠎ᠡ ᠪᠠᠷ ᠰᠣᠯᠢᠬᠤ︾ ᠦᠢᠯᠡᠴᠢᠯᠡᠭᠡᠨ ᠤ ᠲᠠᠪᠴᠠᠩ ᠳᠤ ᠭᠠᠷᠴᠤ᠂ ︽ᠭᠡᠷ ᠪᠦᠯᠢ ᠶᠢᠨ ᠨᠠᠰᠤᠵᠢᠯ ᠤᠨ | ᠠᠰᠠᠷᠠᠮᠵᠢ ᠳᠤ ᠲᠣᠬᠢᠷᠠᠬᠤᠶᠢᠴᠠ ᠥᠭᠡᠷᠡᠴᠢᠯᠡᠨ ᠰᠢᠨᠡᠳᠬᠡᠬᠦ︾ ᠪᠣᠯᠤᠩ ᠳᠤ ᠣᠷᠣᠵᠤ ᠬᠤᠳᠠᠯᠳᠤᠨ ᠠᠪᠬᠤ ᠪᠠᠷ ᠭᠤᠶᠤᠴᠢᠯᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠪᠠ | ᠭᠡᠷᠡᠴᠢ ᠮᠠᠲ᠋ᠧᠷᠢᠶᠠᠯ ᠢᠶᠠᠨ ᠲᠤᠰᠢᠶᠠᠨ᠎ᠠ︔ ᠭᠡᠷ ᠬᠥᠷᠥᠩᠭᠡ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠠᠴᠠ ᠨᠥᠬᠦᠪᠦᠷᠢ ᠬᠦᠷᠳᠡᠬᠦ ᠡᠲᠡᠭᠡᠳ ᠤᠨ ᠬᠢᠷᠢ ᠬᠡᠮ ᠢ ᠬᠢᠨᠠᠨ ᠬᠠᠷᠭᠤᠭᠤᠯᠤᠨ᠎ᠠ᠃ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠲᠣᠬᠢᠷᠠᠬᠤᠶᠢᠴᠠ | ᠲᠠᠸᠠᠷ ᠢ ᠪᠣᠳᠠᠲᠠᠢ ᠬᠤᠳᠠᠯᠳᠤᠨ ᠠᠪᠬᠤ ᠦᠶ᠎ᠡ ᠳᠤ᠂ ᠨᠠᠰᠤᠲᠠᠶᠢᠴᠤᠳ ᠨᠥᠬᠦᠪᠦᠷᠢ ᠶᠢᠨ ᠬᠠᠷᠢᠴᠠᠯ ᠶᠣᠰᠣᠭᠠᠷ ᠥᠪᠡᠷ ᠢᠶᠠᠨ ᠲᠥᠯᠥᠬᠦ ᠬᠡᠰᠡᠭ ᠵᠠᠷᠤᠳᠠᠯ ᠢᠶᠠᠨ | ᠲᠤᠰᠢᠶᠠᠪᠠᠯ ᠪᠣᠯᠴᠢᠬᠠᠨ᠎ᠠ᠃ ᠣᠷᠤᠯᠴᠠᠬᠤ ᠪᠡᠶᠡᠴᠢ ᠴᠣᠭᠴᠠ ᠶᠢ ᠰᠢᠯᠢᠨ ᠰᠣᠩᠭᠤᠬᠤ ᠲᠠᠯ᠎ᠠ ᠪᠠᠷ᠂ ᠡᠯ᠎ᠡ ᠠᠶᠢᠮᠠᠭ ᠬᠤᠲᠠ ᠪᠣᠭᠤᠮᠲᠠ ᠶᠢ ᠴᠢᠩᠭ᠎ᠠ ᠰᠠᠬᠢᠵᠤ᠂ ᠬᠠᠤᠯᠢ | ᠶᠣᠰᠣᠭᠠᠷ ᠪᠦᠷᠢᠳᠬᠡᠭᠦᠯᠦᠨ ᠳᠠᠩᠰᠠᠯᠠᠭᠤᠯᠤᠭᠰᠠᠨ᠂ ᠬᠠᠤᠯᠢ ᠠᠴᠠ ᠵᠥᠷᠢᠴᠡᠭᠰᠡᠨ ᠲᠡᠮᠳᠡᠭᠯᠡᠯ ᠦᠭᠡᠢ᠂ ᠡᠵᠡᠩᠨᠡᠯᠲᠡ ᠨᠢ ᠲᠣᠭᠲᠠᠭᠤᠨ᠂ ᠲᠣᠭᠠᠴᠠᠭ᠎ᠠ ᠬᠢᠬᠦ ᠳ᠋ᠦᠩᠨᠡᠨ | ᠪᠣᠳᠣᠯᠲᠠ ᠵᠢᠷᠤᠮᠵᠢᠭᠰᠠᠨ ᠲᠣᠭᠲᠠᠴᠠ ᠶᠢ ᠪᠦᠷᠢᠯᠳᠦᠭᠦᠯᠦᠭᠰᠡᠨ ᠵᠡᠷᠭᠡ ᠪᠠᠷ ᠦᠨᠳᠦᠰᠦᠨ ᠨᠥᠬᠦᠴᠡᠯ ᠪᠣᠯᠭᠠᠨ ᠣᠷᠣᠯᠴᠠᠬᠤ ᠠᠵᠤ ᠠᠬᠤᠶᠢᠯᠠᠯ ᠢ ᠰᠢᠯᠢᠨ ᠰᠣᠩᠭᠤᠨ᠎ᠠ᠃ | 4 ᠰᠠᠷ᠎ᠠ ᠶᠢᠨ ᠳᠤᠮᠳᠠᠴᠢ ᠪᠣᠯᠳᠠᠯ᠎ᠠ᠂ ᠡᠯ᠎ᠡ ᠭᠠᠵᠠᠷ ᠤᠨ ᠬᠢᠨ ᠨᠢᠭᠡᠨᠲᠡ 87 ᠬᠡᠷᠡᠭᠯᠡᠭᠡᠨ ᠤ ᠵᠦᠢᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠭᠡᠷ | ᠪᠦᠯᠢ ᠶᠢᠨ ᠨᠠᠰᠤᠵᠢᠯ ᠤᠨ ᠠᠰᠠᠷᠠᠮᠵᠢ ᠳᠤ ᠲᠣᠬᠢᠷᠠᠬᠤᠶᠢᠴᠠ ᠥᠭᠡᠷᠡᠴᠢᠯᠡᠨ ᠰᠢᠨᠡᠳᠬᠡᠬᠦ ᠲᠦᠷᠤ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠠᠵᠢᠯᠯᠠᠭ᠎ᠠ ᠳᠤ | ᠣᠷᠣᠯᠴᠠᠬᠤ ᠠᠵᠤ ᠠᠬᠤᠶᠢᠯᠠᠯ ᠢᠶᠠᠷ ᠲᠣᠭᠲᠠᠭᠠᠵᠤ᠂ ᠪᠠᠩᠬᠢ ᠶᠢᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ ᠣᠷᠣᠭᠤᠯᠵᠤ᠂ | ᠨᠠᠰᠤᠲᠠᠶᠢᠴᠤᠳ ᠤᠨ ᠯᠠᠪᠯᠠᠯᠲᠠ ᠪᠣᠯᠭᠠᠨ ᠰᠣᠩᠭᠤᠯᠲᠠ ᠬᠢᠬᠦ ᠳᠤ ᠲᠥᠭᠦᠮ ᠦᠵᠡᠭᠦᠯᠵᠦ ᠪᠣᠢ᠃ | |