4 ᠰᠠᠷ᠎ᠠ ᠶᠢᠨ 30 ᠤ ᠡᠳᠦᠷ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠭᠠᠭᠴᠠᠮᠣᠳᠤ ᠬᠢᠯᠢ ᠶᠢᠨ ᠪᠣᠭᠤᠮᠲᠠ ᠶᠢᠨ ᡂᠢ ᠾᠧᠩ | ᠬᠢᠨᠠᠯᠲᠠ ᠬᠠᠮᠢᠶᠠᠷᠤᠯᠲᠠ ᠶᠢᠨ ᠲᠣᠭᠤᠷᠢᠭ ᠲᠤ ᠶᠡᠭᠡ ᠰᠠᠯᠬᠢ ᠭᠠᠷᠪᠠ᠃ ᠡᠨᠡ ᠦᠶ᠎ᠡ ᠳᠤ ᠸᠠᠩ ᠹᠧᠢ ᠶᠠᠷᠢᠯᠴᠠᠭᠤᠷ ᠮᠠᠰᠢᠨ ᠤ ︽ᠨᠡᠭᠦᠷᠡᠰᠦ ᠤᠳᠬᠤᠬᠤ ᠮᠠᠰᠢᠨ ᠤ | ᠡᠯᠭᠦᠭᠦᠷ ᠤᠨ ᠰᠢᠰᠲ᠋ᠧᠮ ᠬᠡᠪ ᠤᠨ ᠪᠠᠶᠢᠳᠠᠯ ᠢᠶᠠᠨ ᠠᠯᠳᠠᠭᠠᠳ ᠬᠡᠯᠪᠡᠯᠵᠡᠵᠦ ᠪᠠᠶᠢᠨ᠎ᠠ︾ ᠭᠡᠰᠡᠨ ᠪᠠᠴᠢᠮ ᠰᠡᠷᠡᠮᠵᠢᠯᠡᠭᠦᠯᠦᠯ ᠢ ᠰᠣᠨᠣᠰᠤᠭᠠᠳ᠂ ᠦᠳᠲᠡᠷ ᠲᠦᠷᠭᠡᠨ | ᠳᠤᠭᠤᠯᠠᠭ᠎ᠠ ᠪᠠᠨ ᠠᠪᠤᠮᠠᠭᠴᠠ᠂ ᠰᠢᠷᠣᠢ ᠶᠢᠨ ᠰᠢᠭᠤᠷᠭᠠᠨ ᠳᠣᠲᠣᠷ᠎ᠠ ᠭᠦᠶᠦᠵᠦ ᠣᠷᠣᠯ᠎ᠠ᠃ ᠬᠠᠮᠲᠤ ᠠᠵᠢᠯᠲᠠᠨ ᠳᠠᠭᠠᠨ ︽ᠲᠣᠨᠤᠭ ᠲᠥᠬᠦᠭᠡᠷᠦᠮᠵᠢ ᠶᠢᠨ ᠣᠨᠣᠰᠢᠯᠠᠨ | ᠡᠮᠨᠡᠭᠴᠢ︾ ᠬᠡᠮᠡᠭᠳᠡᠭᠰᠡᠨ ᠡᠨᠡ ᠬᠦ ᠮᠡᠷᠭᠡᠵᠢᠯ ᠤᠨ ᠳᠠᠭᠠᠭᠤᠯᠤᠭᠴᠢ ᠲᠤᠬᠠᠢ ᠶᠢᠨ ᠴᠠᠭ ᠮᠥᠴᠡ ᠳᠤ ᠡᠪᠡᠷᠰᠢᠭᠰᠡᠨ ᠬᠤᠶᠠᠷ ᠭᠠᠷ ᠢᠶᠠᠷ ᠢᠶᠠᠨ ᠲᠤᠨᠤᠭ ᠲᠥᠬᠦᠭᠡᠷᠦᠮᠵᠢ ᠶᠢ | ᠲᠡᠮᠲᠡᠷᠢᠵᠦ᠂ ᠬᠡᠪ ᠤᠨ ᠪᠠᠶᠢᠳᠠᠯ ᠢᠶᠠᠨ ᠠᠯᠳᠠᠭᠰᠠᠨ ᠬᠡᠯᠪᠡᠯᠵᠡᠯ ᠤᠨ ᠰᠢᠯᠲᠠᠭᠠᠨ ᠢ ᠡᠷᠢᠨ᠎ᠡ᠃ ᠡᠨᠡ ᠪᠣᠯ ᠸᠠᠩ ᠹᠧᠢ ᠶᠢᠨ ᠳᠤᠮᠳᠠᠳᠤ ᠮᠣᠩᠭᠤᠯ ᠤᠨ ᠬᠢᠯᠢ ᠶᠢᠨ | ᠣᠷᠣᠨ ᠤ ᠡᠨᠧᠷᠭᠢ ᠶᠢᠨ ᠲᠡᠭᠡᠭᠡᠪᠦᠷᠢ ᠶᠢᠨ ᠱᠤᠭᠤᠮ ᠳᠡᠭᠡᠷᠡᠬᠢ ᠡᠳᠦᠷ ᠳᠣᠳᠣᠮ ᠤᠨ ᠠᠵᠢᠯ ᠪᠢᠯᠡ᠃ | ᠸᠠᠩ ᠹᠧᠢ ᠪᠣᠯ ᠤᠯᠤᠰ ᠤᠨ ᠡᠨᠧᠷᠭᠢ ᠶᠢᠨ ᠺᠤᠮᠫᠠᠨᠢ ᠶᠢᠨ ᠥᠪᠥᠷ ᠮᠣᠩᠭᠤᠯ ᠤᠨ ᠭᠠᠭᠴᠠᠮᠣᠳᠤ ᠣᠯᠠᠨ ᠤᠯᠤᠰ ᠤᠨ ᠡᠨᠧᠷᠭᠢ ᠶᠢᠨ ᠬᠢᠵᠠᠭᠠᠷᠲᠤ | ᠺᠤᠮᠫᠠᠨᠢ ᠶᠢᠨ ᠬᠠᠳᠠᠭᠠᠯᠠᠬᠤ ᠲᠡᠭᠡᠭᠡᠪᠦᠷᠢᠯᠡᠬᠦ ᠲᠠᠰᠤᠭ ᠤᠨ ᠡᠷᠭᠢᠯᠡᠭᠴᠢ ᠶᠤᠮ᠃ 2012 ᠣᠨ ᠳᠤ᠂ ᠰᠠᠶ᠋ᠢᠬᠠᠨ ᠨᠡᠶᠢᠭᠡᠮ ᠳᠡᠭᠡᠷ᠎ᠡ ᠭᠠᠷᠤᠭᠰᠠᠨ ᠸᠠᠩ ᠹᠧᠢ ᠡᠬᠡ | ᠤᠯᠤᠰ ᠤᠨ ᠤᠮᠠᠷᠠᠲᠤ ᠬᠢᠯᠢ ᠳᠤ ᠦᠢᠯᠡᠰ ᠪᠣᠰᠬᠠᠬᠤ ᠪᠠᠷ ᠰᠢᠢᠳᠴᠦ᠂ ᠤᠷᠠᠳ ᠤᠨ ᠳᠤᠮᠳᠠᠳᠤ ᠬᠤᠰᠢᠭᠤᠨ ᠤ ᠤᠤᠪᠤᠯᠠᠭ ᠤᠨ ᠠᠮᠠ ᠶᠢᠨ ᠨᠡᠭᠦᠷᠡᠰᠦ ᠤᠬᠢᠶᠠᠬᠤ | ᠦᠢᠯᠡᠳᠪᠦᠷᠢ ᠳᠤ ᠠᠵᠢᠯ ᠤᠨ ᠭᠠᠷᠤᠭ᠎ᠠ ᠪᠠᠨ ᠠᠪᠴᠠᠢ᠃ ᠠᠳᠡᠬᠢ ᠨᠥᠬᠦᠴᠡᠯ ᠪᠡᠷᠬᠡ ᠬᠠᠲᠠᠭᠤ ᠪᠤᠯᠪᠠᠴᠤ ᠲᠡᠷᠡ ᠴᠢᠷᠮᠠᠶᠢᠯᠭ᠎ᠠ ᠪᠣᠯᠣᠨ ᠰᠤᠳᠤᠯᠭᠠᠨ ᠳᠠᠭᠠᠨ | ᠲᠦᠰᠢᠭᠯᠡᠨ᠂ ᠠᠵᠢᠯ ᠳᠠᠭᠠᠨ ᠲᠦᠷᠭᠡᠨ ᠵᠣᠬᠢᠴᠠᠵᠤ᠂ ᠤᠳᠠᠯ ᠦᠭᠡᠢ ᠨᠡᠭᠦᠷᠡᠰᠦ ᠤᠬᠢᠶᠠᠬᠤ ᠦᠢᠯᠡᠳᠪᠦᠷᠢ ᠶᠢᠨ ᠨᠥᠭᠡᠴᠡᠯᠡᠬᠦ ᠲᠠᠰᠤᠭ ᠤᠨ ᠦᠢᠯᠡᠳᠪᠦᠷᠢᠯᠡᠯ ᠤᠨ | ᠱᠤᠭᠤᠮ ᠤᠨ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠪᠠᠶᠢᠯ᠎ᠠ᠃ | ᠲᠥᠬᠦᠭᠡᠷᠦᠮᠵᠢ ᠶᠢᠨ ᠴᠢᠳᠠᠮᠵᠢ ᠶᠢ ᠲᠦᠷᠭᠡᠨ ᠣᠶᠢᠯᠠᠭᠠᠬᠤ ᠶᠢᠨ ᠲᠥᠯᠥᠭᠡ᠂ ᠸᠠᠩ ᠹᠧᠢ ᠵᠠᠪ ᠴᠢᠯᠦᠭᠡ ᠶᠢ ᠠᠯᠳᠠᠯ ᠦᠭᠡᠢ ᠲᠥᠬᠦᠭᠡᠷᠦᠮᠵᠢ ᠶᠢᠨ | ᠲᠣᠳᠣᠷᠬᠠᠶᠢᠯᠠᠯᠲᠠ ᠶᠢᠨ ᠪᠢᠴᠢᠭ ᠢ ᠰᠢᠷᠭᠠᠭᠤ ᠬᠠᠲᠠᠭᠤᠵᠢᠯᠲᠠᠢ ᠤᠩᠰᠢᠵᠤ ᠰᠤᠳᠤᠯᠤᠨ᠂ ᠤᠭᠰᠠᠷᠠᠬᠤ ᠵᠢᠷᠤᠭ ᠢ ᠡᠷᠢᠵᠦ ᠦᠵᠡᠬᠦ ᠶᠢᠨ ᠬᠠᠮᠲᠤ ᠲᠤᠷᠰᠢᠯᠭ᠎ᠠ ᠲᠠᠢ | ᠪᠠᠭᠰᠢ ᠠᠴᠠ ᠳᠠᠷᠤᠤ ᠬᠢᠴᠢᠶᠡᠩᠭᠦᠢ ᠰᠤᠷᠤᠯᠴᠠᠵᠤ᠂ ᠠᠵᠢᠯᠯᠠᠬᠤ ᠶᠢᠨ ᠳᠠᠭᠠᠤ ᠰᠤᠷᠤᠯᠴᠠᠬᠤ ᠶᠢ ᠪᠠᠷᠢᠮᠲᠠᠯᠠᠳᠠᠭ ᠪᠠᠶᠢᠪᠠ᠃ ᠴᠥᠬᠦᠷᠡᠰᠢ ᠦᠭᠡᠢ ᠴᠢᠷᠮᠠᠶᠢᠯᠭ᠎ᠠ ᠪᠠᠷ | ᠳᠠᠮᠵᠢᠨ᠂ ᠲᠡᠷᠡ ᠡᠯ᠎ᠡ ᠵᠦᠢᠯ ᠤᠨ ᠲᠥᠬᠦᠭᠡᠷᠦᠮᠵᠢ ᠶᠢᠨ ᠮᠡᠷᠭᠡᠵᠢᠯ ᠤᠨ ᠪᠣᠯᠵᠣᠯᠲᠤ ᠲᠤᠭ᠎ᠠ ᠪᠠ ᠠᠵᠢᠯᠯᠠᠭᠠᠨ ᠤ ᠪᠠᠶᠢᠳᠠᠯ ᠢ ᠪᠣᠯᠪᠠᠰᠤᠷᠠᠩᠭᠤᠢ ᠡᠵᠡᠮᠰᠢᠵᠦ᠂ | ᠰᠤᠷᠤᠬᠰᠠᠨ ᠮᠡᠳᠡᠯᠭᠡ ᠪᠠᠨ ᠦᠢᠯᠡᠳᠦᠯᠭᠡ ᠶᠢᠨ ᠳᠤᠮᠳᠠ ᠭᠦᠢᠴᠡᠳ ᠬᠡᠷᠡᠭᠯᠡᠵᠡᠢ᠃ 2020 ᠣᠨ ᠳᠤ ᠲᠡᠷᠡ ᠰᠠᠨᠠᠭᠠᠴᠢᠯᠠᠭ᠎ᠠ ᠠᠴᠠ ᠪᠠᠨ ᠭᠤᠶᠤᠴᠢᠯᠠᠭᠠᠳ ᠨᠥᠬᠦᠴᠡᠯ | ᠨᠢ ᠨᠡᠩ ᠬᠠᠲᠠᠭᠤᠵᠢᠯᠲᠠᠢ᠂ ᠪᠠᠷᠤᠭ ᠵᠢᠯ ᠤᠨ ᠳᠥᠷᠪᠡᠨ ᠤᠯᠠᠷᠢᠯ ᠳᠤ ᠰᠠᠯᠬᠢ ᠰᠢᠭᠤᠷᠭᠠᠨ ᠲᠠᠰᠤᠷᠠᠳᠠᠭ ᠦᠭᠡᠢ ᠭᠠᠭᠴᠠᠮᠣᠳᠤ ᠬᠢᠯᠢ ᠶᠢᠨ ᠪᠣᠭᠤᠮᠲᠠ ᠳᠤ ᠬᠦᠷᠴᠦ᠂ | ᠲᠤᠬᠠᠶᠢᠯᠠᠭᠰᠠᠨ ᠠᠵᠢᠯ ᠤᠨ ᠪᠠᠰᠠ ᠨᠢᠭᠡ ᠰᠢᠨ᠎ᠡ ᠭᠠᠷᠤᠭ᠎ᠠ ᠪᠠᠨ ᠡᠬᠢᠯᠡᠭᠦᠯᠵᠦ᠂ ᠡᠨᠡ ᠬᠦ ᠬᠢᠯᠢ ᠬᠢᠵᠠᠭᠠᠷ ᠤᠨ ᠵᠢᠵᠢᠭ ᠪᠠᠯᠭᠠᠰᠤ ᠲᠠᠢ ᠭᠦᠨ ᠵᠤᠵᠠᠭᠠᠨ ᠬᠤᠪᠢ | ᠪᠠᠷᠢᠯᠳᠤᠯᠭ᠎ᠠ ᠲᠠᠢ ᠪᠣᠯᠤᠭᠰᠠᠨ ᠪᠠᠶᠢᠨ᠎ᠠ᠃ | ︽ᠪᠢ ᠵᠠᠯᠠᠭᠤ ᠪᠣᠯᠬᠤᠷ ᠴᠠᠭ ᠢ ᠵᠠᠪᠳᠤᠨ ᠴᠢᠷᠮᠠᠶᠢᠵᠤ᠂ ᠪᠣᠳᠠᠲᠠᠢ ᠠᠮᠵᠢᠯᠲᠠ ᠪᠦᠲᠦᠮᠵᠢ ᠭᠠᠷᠭᠠᠶ᠎ᠠ ᠭᠡᠵᠦ ᠪᠤᠳᠣᠳᠠᠭ︾ ᠭᠡᠵᠦ ᠸᠠᠩ ᠹᠧᠢ ᠡᠪᠡᠷᠰᠢᠭᠰᠡᠨ | ᠭᠠᠷ ᠤᠨ ᠠᠯᠠᠭ᠎ᠠ ᠪᠠᠨ ᠱᠦᠷᠭᠦᠭᠡᠭᠰᠡᠭᠡᠷ ᠶᠠᠷᠢᠬᠤ ᠳᠤ ᠪᠣᠷᠣᠭᠵᠢᠭᠤᠨ ᠠᠲᠠᠯ᠎ᠠ ᠡᠷᠡᠰ ᠰᠢᠢᠳᠮᠡᠭ ᠨᠢ ᠢᠯᠡᠷᠡᠵᠦ ᠪᠠᠶᠢᠯ᠎ᠠ᠃ ︽ᠪᠢ ᠪᠣᠯ ᠲᠠᠷᠢᠶᠠᠴᠢᠨ ᠤ ᠬᠦᠦ᠂ ᠠᠬᠠᠮᠠᠳ | ᠦᠶ᠎ᠡ ᠶᠢᠨ ᠬᠢᠨ ᠤ ᠨᠢᠷᠤᠭᠤ ᠪᠥᠭᠴᠥᠶᠢᠨ ᠰᠢᠷᠣᠢ ᠲᠠᠢ ᠨᠣᠴᠣᠯᠳᠤᠬᠤ ᠶᠢ ᠬᠠᠷᠠᠬᠠᠨ ᠪᠠᠭ᠎ᠠ ᠠᠴᠠ ᠪᠠᠨ ᠬᠠᠷᠠᠭᠰᠠᠭᠠᠷ ᠢᠷᠡᠯ᠎ᠠ᠃ ᠣᠳᠣ ᠪᠢ ᠬᠤᠶᠠᠷ ᠭᠠᠷ ᠢᠶᠠᠷ ᠢᠶᠠᠨ | ᠠᠮᠢᠳᠤᠷᠠᠯ ᠢᠶᠠᠨ ᠰᠠᠶᠢᠵᠢᠷᠠᠭᠤᠯᠵᠤ᠂ ᠠᠪᠤ ᠡᠵᠢ᠂ ᠭᠡᠷ ᠤᠨ ᠬᠥᠮᠥᠰ ᠲᠡᠭᠡᠨ ᠵᠢᠷᠭᠠᠯ ᠡᠳ᠋ᠯᠡᠭᠦᠯᠭᠦ ᠶᠢ ᠬᠦᠰᠡᠵᠦ ᠪᠠᠶᠢᠨ᠎ᠠ︾ ᠭᠡᠵᠦ ᠲᠡᠷᠡ ᠶᠠᠷᠢᠨ᠎ᠠ᠃ | 2022 ᠣᠨ ᠤ 9 ᠰᠠᠷ᠎ᠠ ᠳᠤ᠂ ᠺᠤᠮᠫᠠᠨᠢ ᠨᠢ ︽ᠡᠨᠧᠷᠭᠢ ᠬᠠᠩᠭᠠᠬᠤ ᠶᠢ ᠪᠠᠲᠤᠯᠠᠬᠤ︾ ᠡᠭᠦᠷᠭᠡ ᠶᠢ ᠭᠥᠯᠢᠶᠡᠨ ᠠᠪᠤᠪᠠ᠃ ᠭᠡᠪᠡᠴᠦ ᠥᠭᠢᠷᠡᠰᠢᠭᠰᠡᠨ | ᠨᠡᠭᠦᠷᠡᠰᠦᠨ ᠤ ᠬᠥᠮᠥᠷᠭᠡ ᠶᠢᠨ ᠬᠠᠳᠠᠭᠠᠯᠠᠬᠤ ᠴᠢᠳᠠᠮᠵᠢ ᠨᠢ ᠬᠢᠵᠠᠭᠠᠷ ᠲᠠᠢ ᠪᠣᠯᠬᠤᠷ ᠬᠠᠩᠭᠠᠬᠤ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠳᠤ ᠬᠦᠴᠢᠷ ᠠᠰᠠᠭᠤᠳᠠᠯ | ᠪᠣᠯᠵᠠᠢ᠃ ᠵᠠᠩᠭᠢᠯᠠᠭ᠎ᠠ ᠶᠢᠨ ᠦᠶ᠎ᠡ ᠳᠤ ᠸᠠᠩ ᠹᠧᠢ ᠵᠣᠷᠢᠭᠲᠠᠢ ᠪᠠᠷ ᠰᠢᠨ᠎ᠡ ᠶᠢ ᠡᠭᠦᠳᠴᠦ᠂ ︽ᠨᠡᠶᠢᠯᠡᠭᠦᠯᠦᠨ ᠣᠪᠣᠭᠠᠯᠠᠵᠤ ᠬᠠᠳᠠᠭᠠᠯᠠᠬᠤ︾ ᠠᠷᠭ᠎ᠠ ᠶᠢ ᠳᠤᠷᠠᠳᠤᠭᠠᠳ | ᠤᠳᠠᠯ ᠦᠭᠡᠢ ᠺᠤᠮᠫᠠᠨᠢ ᠶᠢᠨ ᠢᠶᠠᠨ ᠵᠥᠪᠰᠢᠶᠡᠷᠡᠯ ᠢ ᠣᠯᠪᠠ᠃ ᠲᠡᠭᠦᠨ ᠤ ᠨᠠᠷᠢᠨ ᠨᠢᠮᠪᠠᠢ ᠵᠣᠬᠢᠶᠠᠨ ᠪᠠᠶᠢᠭᠤᠯᠤᠯᠲᠠ ᠪᠠ ᠵᠣᠬᠢᠴᠠᠭᠤᠯᠭ᠎ᠠ ᠪᠠᠷ ᠲᠤᠰ ᠵᠢᠯ ᠤᠨ 10 | ᠰᠠᠷ᠎ᠠ ᠳᠤ ᠨᠡᠶᠢᠲᠡ 53 ᠴᠤᠪᠤᠭ᠎ᠠ ᠭᠠᠯᠲᠤ ᠲᠡᠷᠭᠡ ᠬᠥᠳᠡᠯᠭᠡᠵᠦ᠂ 21.8 ᠲᠦᠮᠡᠨ ᠲᠤᠨ ᠨᠡᠭᠦᠷᠡᠰᠦ ᠲᠡᠭᠡᠭᠡᠪᠦᠷᠢᠯᠡᠨ᠂ ᠨᠢᠭᠡ ᠡᠳᠦᠷ ᠲᠤ ᠬᠠᠮᠤᠭ ᠤᠨ | ᠠᠷᠪᠢᠨ ᠳᠠᠭᠠᠨ 6 ᠭᠠᠯᠲᠤ ᠲᠡᠷᠭᠡ ᠬᠥᠳᠡᠯᠭᠡᠨ᠂ 2.55 ᠲᠦᠮᠡᠨ ᠲᠤᠨ ᠨᠡᠭᠦᠷᠡᠰᠦ ᠲᠡᠭᠡᠭᠡᠪᠦᠷᠢᠯᠡᠨ ᠬᠦᠷᠭᠡᠵᠦ᠂ ᠲᠡᠷᠭᠡ ᠢᠷᠡᠮᠡᠭᠴᠡ ᠰᠠᠪᠠᠯᠠᠨ ᠳᠠᠷᠤᠢ ᠲᠦᠷᠭᠡᠨ | ᠲᠡᠭᠡᠭᠡᠪᠦᠷᠢᠯᠡᠵᠦ ᠬᠦᠷᠭᠡᠬᠦ ᠬᠠᠷᠠᠯᠲᠠ ᠪᠠᠨ ᠪᠡᠶᠡᠯᠡᠭᠦᠯᠵᠦ᠂ ︽ᠡᠨᠧᠷᠭᠢ ᠬᠠᠩᠭᠠᠬᠤ ᠶᠢ ᠪᠠᠲᠤᠯᠠᠬᠤ︾ ᠴᠢᠳᠠᠪᠤᠷᠢ ᠪᠠᠨ ᠪᠠᠲᠤᠯᠠᠭᠰᠠᠨ ᠪᠠᠶᠢᠨ᠎ᠠ᠃ | 2023 ᠣᠨ ᠳᠤ᠂ C80 ᠭᠡᠯᠪᠡᠷᠢ ᠶᠢᠨ ᠵᠠᠳᠠᠭᠠᠢ ᠸᠠᠭᠤᠨ ᠪᠠ ᠴᠢᠩᠭᠡᠯᠢᠭ ᠤᠨ ᠡᠵᠡᠯᠡᠬᠦ ᠬᠠᠷᠢᠴᠠᠯ ᠨᠢ ᠶᠡᠬᠡᠪᠡᠷ ᠨᠡᠮᠡᠭᠳᠡᠬᠦ ᠶᠢ ᠳᠠᠭᠠᠯᠳᠤᠨ᠂ ᠣᠳᠣ | ᠪᠠᠶᠢᠭ᠎ᠠ ᠵᠦᠪᠭᠡᠨ C64 ᠬᠢᠭᠡᠳ C70 ᠭᠡᠯᠪᠡᠷᠢ ᠶᠢᠨ ᠵᠠᠳᠠᠭᠠᠢ ᠸᠠᠭᠤᠨ ᠳᠤ ᠲᠣᠬᠢᠷᠠᠬᠤ ᠨᠡᠭᠦᠷᠡᠰᠦ ᠰᠠᠪᠠᠯᠠᠬᠤ ᠰᠢᠰᠲ᠋ᠧᠮ ᠨᠢ ᠬᠡᠷᠡᠭᠴᠡᠭᠡ ᠶᠢ ᠬᠠᠩᠭᠠᠵᠤ ᠳᠡᠶᠢᠯᠭᠦ | ᠦᠭᠡᠢ ᠪᠣᠯᠤᠭᠰᠠᠨ ᠠᠴᠠ ᠸᠠᠩ ᠹᠧᠢ ᠰᠥᠨᠢᠵᠢᠨ ᠨᠣᠶᠢᠷ ᠬᠤᠯᠵᠢᠬᠤ ᠪᠣᠯᠵᠠᠢ᠃ ᠲᠡᠭᠡᠭᠡᠳ ᠲᠡᠷᠡ ᠳᠠᠷᠤᠢ ᠲᠦᠷᠭᠡᠨ ᠲᠤᠰᠬᠠᠢ ᠮᠡᠷᠭᠡᠵᠢᠯ ᠢ ᠥᠭᠡᠷᠡᠴᠢᠯᠡᠬᠦ | ︽ᠵᠠᠯᠠᠭᠤᠴᠤᠳ ᠤᠨ ᠭᠠᠪᠰᠢᠭᠠᠢ ᠠᠩᠭᠢ︾ ᠶᠢ ᠵᠣᠬᠢᠶᠠᠨ ᠪᠠᠶᠢᠭᠤᠯᠵᠤ᠂ ᠲᠡᠷᠢᠭᠦᠨ ᠤ ᠪᠠᠶᠢᠭᠤᠯᠭ᠎ᠠ ᠨᠢᠭᠡᠴᠢ ᠳᠤ ᠬᠦᠷᠴᠦ ᠰᠤᠷᠤᠯᠴᠠᠨ ᠲᠤᠷᠰᠢᠯᠭ᠎ᠠ | ᠬᠤᠷᠠᠮᠳᠤᠭᠤᠯᠬᠤ ᠶᠢᠨ ᠬᠠᠮᠲᠤ ᠭᠦᠨᠵᠡᠭᠡᠢ ᠪᠠᠶᠢᠴᠠᠭᠠᠨ ᠰᠤᠳᠤᠯᠵᠤ᠂ ᠳᠠᠭᠢᠨ ᠳᠠᠪᠲᠠᠨ ᠨᠤᠲᠠᠯᠠᠯᠲᠠ ᠬᠢᠭᠰᠡᠨ ᠪᠠᠶᠢᠨ᠎ᠠ᠃ | ︽ᠪᠢᠳᠡ ᠭᠤᠯᠭᠤᠭᠤᠷ ᠬᠤᠪᠢᠯ ᠢ ᠤᠷᠲᠤᠳᠬᠠᠬᠤ ᠴᠢᠬᠤᠯᠠᠲᠠᠢ ᠪᠥᠭᠡᠳ ᠳᠡᠭᠦᠵᠢᠯᠡᠭᠦᠷ ᠤᠨ ᠴᠢᠬᠢ ᠶᠢ ᠥᠭᠡᠷᠡᠴᠢᠯᠡᠬᠦ ᠬᠡᠷᠡᠭᠲᠡᠢ᠃ ︿7﹀ ᠭᠡᠯᠪᠡᠷᠢ ᠶᠢᠨ | ᠳᠡᠭᠦᠵᠢᠯᠡᠭᠦᠷ ᠤᠨ ᠴᠢᠬᠢ ᠪᠣᠯᠣᠨ ᠳᠡᠪᠢᠭᠦᠷ ᠭᠡᠯᠪᠡᠷᠢ ᠶᠢᠨ ᠭᠤᠯᠭᠤᠭᠤᠷ ᠬᠤᠪᠢᠯ ᠢ ᠬᠠᠮᠲᠤᠷᠠᠭᠤᠯᠤᠨ ᠡᠨᠡ ᠬᠦ ᠠᠰᠠᠭᠤᠳᠠᠯ ᠢ ᠰᠢᠢᠳᠪᠦᠷᠢᠯᠡᠵᠦ ᠪᠣᠯᠣᠨ᠎ᠠ︾ ᠬᠡᠮᠡᠨ | ᠸᠠᠩ ᠹᠧᠢ ᠵᠢᠷᠤᠭ ᠳᠡᠭᠡᠷ᠎ᠡ ᠵᠠᠩᠭᠢᠯᠠᠭ᠎ᠠ ᠶᠢᠨ ᠬᠡᠰᠡᠭ ᠢ ᠵᠢᠷᠤᠵᠤ ᠭᠠᠷᠭᠠᠪᠠ᠃ | ᠸᠠᠩ ᠹᠧᠢ ᠪᠣᠯᠣᠨ ᠪᠦᠯᠭᠦᠮ ᠤᠨ ᠴᠤᠴᠠᠯᠲᠠ ᠦᠭᠡᠢ ᠴᠢᠷᠮᠠᠶᠢᠯᠭ᠎ᠠ ᠪᠠᠷ᠂ 2024 ᠣᠨ ᠳᠤ ᠤᠤᠯ ᠤᠨ ᠨᠡᠭᠦᠷᠡᠰᠦ ᠰᠠᠪᠠᠯᠠᠬᠤ ᠰᠢᠰᠲ᠋ᠧᠮ ᠤᠨ ᠪᠣᠭᠤᠮᠢ ᠶᠢ | ᠰᠢᠢᠳᠪᠦᠷᠢᠯᠡᠨ᠂ ᠴᠢᠩᠭᠡᠯᠢᠭ ᠪᠣᠯᠣᠨ C80 ᠵᠡᠷᠭᠡ ᠭᠡᠯᠪᠡᠷᠢ ᠶᠢᠨ ᠵᠠᠳᠠᠭᠠᠢ ᠸᠠᠭᠤᠨ ᠳᠤ ᠨᠡᠭᠦᠷᠡᠰᠦ ᠰᠠᠪᠠᠯᠠᠬᠤ ᠰᠢᠨ᠎ᠡ ᠠᠵᠢᠯ ᠢ ᠠᠮᠵᠢᠯᠲᠠ ᠲᠠᠢ ᠥᠷᠭᠡᠳᠬᠡᠵᠦ᠂ | ᠪᠦᠭᠦ ᠲᠡᠷᠭᠡ ᠬᠥᠰᠬᠡ ᠶᠢ ᠰᠠᠪᠠᠯᠠᠵᠤ ᠪᠤᠯᠬᠤ ᠶᠢ ᠲᠤᠶᠢᠯᠪᠤᠷᠢᠲᠠᠢ ᠪᠡᠶᠡᠯᠡᠭᠦᠯᠪᠡ᠃ ᠡᠨᠡ ᠬᠦ ᠲᠥᠰᠥᠯ ᠢ ᠠᠮᠵᠢᠯᠲᠠ ᠲᠠᠢ ᠬᠡᠷᠡᠭᠵᠢᠭᠦᠯᠦᠭᠰᠡᠨ ᠨᠢ ᠺᠤᠮᠫᠠᠨᠢ ᠶᠢᠨ | ᠨᠡᠭᠦᠷᠡᠰᠦ ᠶᠢ ᠭᠠᠳᠠᠭᠰᠢ ᠲᠠᠲᠠᠬᠤ ᠳᠠᠷᠤᠭᠠᠰᠤ ᠶᠢ ᠪᠦᠲᠦᠮᠵᠢᠲᠡᠢ ᠬᠥᠩᠭᠡᠷᠡᠭᠦᠯᠵᠦ᠂ ᠭᠠᠯᠲᠤ ᠲᠡᠷᠭᠡᠨ ᠤ ᠠᠴᠢᠶ᠎ᠠ ᠲᠡᠭᠡᠭᠡᠪᠦᠷᠢ ᠶᠢᠨ ᠳᠠᠪᠠᠭᠤᠯᠢᠭ ᠢ ᠭᠦᠢᠴᠡᠳ | ᠠᠰᠢᠭᠯᠠᠨ᠂ ᠨᠡᠭᠦᠷᠡᠰᠦᠨ ᠤ ᠡᠷᠭᠢᠯᠲᠡ ᠶᠢᠨ ᠦᠷ᠎ᠡ ᠪᠦᠲᠦᠮᠵᠢ ᠶᠢ ᠲᠦᠷᠭᠡᠳᠬᠡᠵᠦ᠂ ᠺᠤᠮᠫᠠᠨᠢ ᠳᠠᠭᠠᠨ ᠠᠰᠤᠷᠤ ᠶᠡᠭᠡ ᠠᠵᠤ ᠠᠬᠤᠢ ᠶᠢᠨ ᠦᠷ᠎ᠡ ᠠᠰᠢᠭ ᠣᠯᠵᠤ | ᠥᠭᠭᠦᠭᠰᠡᠨ ᠪᠠᠶᠢᠨ᠎ᠠ᠃ | ᠲᠦᠷᠦᠭᠦᠦ ᠴᠤᠪᠤᠭ᠎ᠠ C80 ᠭᠡᠯᠪᠡᠷᠢ ᠶᠢᠨ ᠵᠠᠳᠠᠭᠠᠢ ᠸᠠᠭᠤᠨ ᠳᠤ ᠨᠡᠭᠦᠷᠡᠰᠦ ᠰᠠᠪᠠᠯᠠᠬᠤ ᠲᠤᠷᠰᠢᠯᠲᠠ ᠠᠮᠵᠢᠯᠲᠠ ᠣᠯᠬᠤ ᠦᠶᠡᠰ ᠨᠡᠭᠦᠷᠡᠰᠦ ᠶᠢ ᠨᠠᠷᠢᠯᠢᠭ | ᠣᠨᠣᠪᠴᠢᠲᠠᠢ ᠸᠠᠭᠤᠨ ᠳᠤ ᠴᠢᠳᠬᠤᠨ ᠣᠷᠣᠭᠤᠯᠬᠤ ᠶᠢ ᠬᠠᠷᠠᠭᠰᠠᠨ ᠵᠢᠯᠣᠭᠤᠴᠢ ᠨᠠᠷ ᠡᠷᠡᠬᠡᠢ ᠬᠤᠷᠤᠭᠤ ᠪᠠᠨ ᠭᠠᠷᠭᠠᠨ ︽ᠴᠢᠨᠦ ᠡᠨᠡ ᠮᠡᠷᠭᠡᠵᠢᠯ ᠪᠣᠯ ᠲᠠᠴᠢᠷ | ᠴᠦᠯ ᠳᠠᠬᠢ ᠭᠠᠶᠢᠬᠠᠮᠰᠢᠭ ᠳ᠋ᠠ︾ ᠭᠡᠵᠦ ᠮᠠᠭᠲᠠᠵᠠᠭᠠᠵᠤ ᠪᠠᠶᠢᠯ᠎ᠠ᠃ | ᠡᠭᠦᠨ ᠠᠴᠠ ᠭᠠᠳᠠᠨ᠎ᠠ᠂ ᠨᠡᠭᠦᠷᠡᠰᠦ ᠦᠢᠯᠡᠳᠪᠦᠷᠢᠯᠡᠬᠦ ᠪᠠ ᠵᠥᠭᠡᠭᠡᠪᠦᠷᠢᠯᠡᠬᠦ ᠶᠠᠪᠤᠴᠠ ᠳᠤ ᠲᠣᠭᠤᠰᠣ ᠰᠢᠷᠣᠢ ᠶᠢᠨ ᠪᠣᠬᠢᠷᠳᠤᠯ ᠶᠡᠷᠦ ᠨᠢ ᠲᠦᠪᠡᠭᠲᠡᠢ | ᠠᠰᠠᠭᠤᠳᠠᠯ ᠪᠣᠯᠵᠤ ᠪᠠᠶᠢᠪᠠ᠃ 2025 ᠣᠨ ᠳᠤ ᠸᠠᠩ ᠹᠧᠢ ᠲᠣᠭᠤᠰᠣ ᠰᠡᠷᠭᠡᠶᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢᠨ ᠲᠥᠯᠥᠭᠡ ᠶᠡᠭᠡ ᠬᠡᠮᠵᠢᠶᠡᠨ ᠤ | ᠰᠤᠷᠪᠤᠯᠵᠢ ᠪᠢᠴᠢᠭ ᠤᠨ ᠮᠠᠲ᠋ᠧᠷᠢᠶᠠᠯ ᠢ ᠡᠷᠢᠵᠦ ᠤᠩᠰᠢᠨ᠂ ᠲᠣᠭᠤᠰᠣ ᠰᠡᠷᠭᠡᠶᠢᠯᠡᠬᠦ ᠲᠡᠷᠢᠭᠦᠨ ᠤ ᠮᠡᠷᠭᠡᠵᠢᠯ ᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ᠂ | ᠲᠣᠭᠤᠰᠣ ᠰᠡᠷᠭᠡᠶᠢᠯᠡᠬᠦ ᠰᠢᠰᠲ᠋ᠧᠮ ᠢ ᠥᠭᠡᠷᠡᠴᠢᠯᠡᠬᠦ ᠪᠦᠷᠢᠨ ᠲᠥᠰᠥᠯ ᠢ ᠳᠤᠷᠠᠳᠴᠠᠢ᠃ ᠨᠡᠭᠦᠷᠡᠰᠦ ᠤᠳᠬᠤᠬᠤ ᠮᠠᠰᠢᠨ ᠤ ᠪᠠᠷᠠᠭ᠎ᠠ ᠳᠠᠮᠵᠢᠭᠤᠯᠬᠤ ᠬᠤᠪᠢᠯ ᠢ | ᠤᠷᠲᠤᠳᠬᠠᠭᠰᠠᠨ ᠰᠠᠭᠤᠷᠢᠨ ᠳᠡᠭᠡᠷ᠎ᠡ᠂ ᠳᠣᠲᠣᠷ ᠲᠠᠯ᠎ᠠ ᠶᠢᠨ ᠤᠰᠤ ᠮᠠᠨᠠᠨ ᠢᠶᠠᠷ ᠲᠣᠭᠤᠰᠣ ᠬᠤᠷᠢᠭᠯᠠᠬᠤ ᠲᠥᠬᠦᠭᠡᠷᠦᠮᠵᠢ ᠶᠢ ᠨᠡᠮᠡᠨ ᠲᠣᠭᠢᠷᠠᠭᠤᠯᠤᠨᠠ; ᠬᠠᠮᠲᠤ | ᠳᠤᠨᠢ ᠠᠷᠠᠰᠤᠨ ᠬᠤᠩᠭᠢᠯ ᠳᠤ ᠲᠣᠭᠤᠰᠣ ᠨᠠᠮᠳᠠᠭᠤᠯᠬᠤ ᠲᠥᠬᠦᠭᠡᠷᠦᠮᠵᠢ ᠨᠡᠮᠡᠵᠦ ᠲᠣᠬᠢᠷᠠᠭᠤᠯᠤᠨ᠎ᠠ᠃ ᠲᠡᠷᠡ ᠨᠠᠷᠢᠯᠢᠭ ᠲᠣᠬᠢᠷᠠᠭᠤᠯᠤᠨ ᠲᠤᠷᠰᠢᠵᠤ᠂ ᠤᠰᠤᠨ ᠮᠠᠨᠠᠨ ᠤ | ᠮᠥᠬᠦᠯᠢᠭ ᠤᠨ ᠳ᠋ᠢᠶᠠᠮᠧᠲᠷ ᠢ 0.01mm ᠠᠴᠠ 0.05m ᠤᠨ ᠬᠤᠭᠤᠷᠣᠨᠳᠤ ᠬᠢᠵᠠᠭᠠᠷᠯᠠᠵᠤ᠂ ᠤᠰᠤᠨ ᠮᠠᠨᠠᠨ ᠤ ᠮᠥᠬᠦᠯᠢᠭ ᠤᠨ ᠳ᠋ᠢᠶᠠᠮᠧᠲᠷ ᠢ ᠡᠵᠡᠮᠳᠡᠬᠦ ᠪᠠᠷ | ᠳᠠᠮᠵᠢᠨ᠂ ᠤᠰᠤᠨ ᠮᠠᠨᠠᠨ ᠤ ᠨᠠᠷᠢᠯᠢᠭ ᠤᠨ ᠬᠡᠮᠵᠢᠶ᠎ᠡ ᠪᠣᠯᠣᠨ ᠣᠷᠣᠨ ᠵᠠᠢ ᠶᠢᠨ ᠪᠦᠷᠬᠦᠴᠡ ᠶᠢᠨ ᠬᠡᠪᠴᠢᠶ᠎ᠡ ᠶᠢ ᠰᠢᠯᠢᠳᠡᠭᠵᠢᠭᠦᠯᠵᠦ᠂ ᠳ᠋ᠢᠶᠠᠮᠧᠲᠷ ᠨᠢ 10 | ᠮᠢᠺᠷᠦᠨ ᠠᠴᠠ ᠳᠣᠷᠣᠭᠰᠢᠬᠢ ᠨᠡᠭᠦᠷᠡᠰᠦᠨ ᠲᠣᠭᠤᠰᠣ ᠶᠢ ᠨᠡᠩ ᠢᠯᠡᠭᠦᠦ ᠰᠣᠷᠣᠬᠤ ᠬᠦᠴᠦᠨ ᠲᠠᠢ ᠪᠣᠯᠭᠠᠵᠠᠢ᠃ | ︽ᠲᠣᠭᠤᠰᠣ ᠰᠡᠷᠭᠡᠶᠢᠯᠡᠬᠦ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢᠨ ᠲᠥᠯᠥᠭᠡ᠂ ᠲᠡᠷᠡ ᠬᠠᠶᠠᠭᠳᠠᠮᠠᠯ ᠪᠣᠷᠣᠭᠠᠨ ᠰᠡᠷᠭᠡᠶᠢᠯᠡᠬᠦ ᠪᠥᠰ ᠢ ᠣᠯᠵᠤ | ᠠᠪᠴᠢᠷᠠᠭᠠᠳ ᠬᠠᠯᠬᠠᠪᠴᠢ ᠪᠣᠯᠭᠠᠨ ᠬᠠᠶᠢᠴᠢᠯᠠᠨ ᠵᠠᠰᠠᠵᠤ᠂ ᠪᠠᠷᠠᠭ᠎ᠠ ᠳᠠᠮᠵᠢᠭᠤᠯᠬᠤ ᠬᠤᠪᠢᠯ ᠤᠨ ᠲᠤᠯᠭᠠᠭᠤᠷᠢ ᠶᠢᠨ ᠬᠤᠶᠠᠷ ᠲᠠᠯ᠎ᠠ ᠳᠤ ᠤᠭᠰᠠᠷᠠᠬᠤ ᠶᠢᠨ ᠬᠠᠮᠲᠤ᠂ | ᠵᠠᠪᠰᠠᠷ ᠵᠠᠢ ᠪᠠᠷ ᠨᠢ ᠪᠦᠬᠦᠯᠢ ᠴᠣᠭᠴᠠ ᠪᠠᠷ ᠨᠢ ᠪᠢᠲᠡᠭᠦᠮᠵᠢᠯᠡᠬᠦ ᠠᠷᠭ᠎ᠠ ᠬᠢᠪᠡ᠃ ᠡᠨᠡ ᠨᠢ ᠨᠡᠭᠦᠷᠡᠰᠦ ᠳᠠᠮᠵᠢᠭᠤᠯᠬᠤ ᠦᠶᠡᠰ ᠲᠣᠭᠤᠰᠣᠨ ᠤ ᠲᠠᠷᠬᠠᠯᠲᠠ ᠪᠠ ᠳᠡᠭᠳᠡᠬᠦ | ᠬᠡᠮᠵᠢᠶ᠎ᠡ ᠶᠢ ᠮᠡᠳᠡᠭᠳᠡᠮ᠎ᠡ ᠪᠠᠭᠠᠰᠬᠠᠵᠠᠢ︾ ᠭᠡᠵᠦ ᠬᠠᠳᠠᠭᠠᠯᠠᠬᠤ ᠵᠥᠭᠡᠭᠡᠪᠦᠷᠢᠯᠡᠬᠦ ᠲᠠᠰᠤᠭ ᠤᠨ ᠲᠦᠷᠭᠡᠨ ᠰᠠᠪᠠᠯᠠᠬᠤ ᠠᠩᠭᠢ ᠶᠢᠨ ᠳᠠᠷᠤᠭ᠎ᠠ ᠮᠠ ᠷᠦ᠋ ᠹᠧᠢ | ᠡᠷᠭᠢᠴᠡᠭᠦᠯᠦᠨ᠎ᠡ᠂ ︽ᠲᠡᠷᠡ ᠬᠡᠵᠢᠶᠡᠳᠡ ᠨᠢᠭᠡ ᠯᠡ ᠰᠡᠳᠬᠢᠯ ᠢᠶᠠᠷ ᠮᠡᠷᠭᠡᠵᠢᠯ ᠤᠨ ᠪᠣᠭᠤᠮᠲᠠ ᠰᠢᠪᠲᠤᠯᠬᠤ ᠳᠤ ᠰᠢᠭᠤᠷᠬᠠᠶᠢᠯᠠᠳᠠᠭ᠂ ᠬᠦᠴᠢᠷ ᠠᠰᠠᠭᠤᠳᠠᠯ ᠲᠤᠯᠭᠠᠷᠠᠬᠤ | ᠦᠶ᠎ᠡ ᠳᠤ ᠪᠤᠰᠤᠳ ᠬᠥᠮᠥᠨ ᠠᠷᠭ᠎ᠠ ᠣᠯᠳᠠᠬᠤ ᠦᠭᠡᠢ ᠪᠠᠴᠢᠮᠳᠠᠵᠤ ᠪᠠᠶᠢᠬᠤ ᠳᠤ ᠲᠡᠷᠡ ᠨᠢᠭᠡᠨᠲᠡ ᠰᠢᠢᠳᠪᠦᠷᠢᠯᠡᠬᠦ ᠲᠥᠰᠥᠯ ᠢᠶᠠᠨ ᠭᠠᠷᠭᠠᠭᠠᠳ ᠤᠯᠠᠨ ᠢ | ᠳᠠᠭᠠᠭᠤᠯᠵᠤ ᠰᠢᠪᠲᠤᠯᠵᠤ ᠡᠬᠢᠯᠡᠭᠰᠡᠨ ᠪᠠᠶᠢᠳᠠᠭ ᠠ᠋︾ ᠭᠡᠵᠦ ᠪᠠᠶᠢᠯ᠎ᠠ᠃ | 2025 ᠣᠨ ᠤ 4 ᠰᠠᠷ᠎ᠠ ᠶᠢᠨ 28 ᠤ ᠡᠳᠦᠷ᠂ ᠸᠠᠩ ᠹᠧᠢ ︽ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ︾ ᠶᠢᠨ ᠱᠠᠩᠨᠠᠯ ᠤᠨ ᠮᠧᠳᠠᠯ ᠢ ᠲᠤᠰᠴᠤ | ᠠᠪᠬᠤ ᠳᠠᠭᠠᠨ ᠳᠣᠭᠳᠣᠯᠬᠤ ᠶᠢᠨ ᠡᠷᠬᠡᠨ ᠳᠤ ᠬᠤᠶᠠᠷ ᠭᠠᠷ ᠨᠢ ᠦᠯᠦ ᠮᠡᠳᠡᠭᠳᠡᠮ᠎ᠡ ᠴᠡᠴᠡᠷᠬᠢᠯᠡᠵᠦ ᠪᠠᠶᠢᠪᠠ᠃ 400 ᠲᠤᠨ ᠨᠡᠭᠦᠷᠡᠰᠦ ᠡᠷᠭᠦᠬᠦ ᠮᠠᠰᠢᠨ ᠢ ᠠᠶᠤᠯᠭᠦᠢ | ᠠᠵᠢᠯᠯᠠᠭᠤᠯᠵᠤ ᠪᠠᠶᠢᠭᠰᠠᠨ ᠬᠤᠣᠰ ᠭᠠᠷ ᠡᠳᠦᠭᠡ ᠬᠠᠷᠢᠨ ᠱᠠᠩᠨᠠᠯ ᠤᠨ ᠮᠧᠳᠠᠯ ᠲᠤᠰᠬᠤ ᠳᠤ ᠨᠠᠷᠢᠯᠢᠭ ᠪᠠᠭᠠᠵᠢ ᠬᠡᠮᠵᠢᠭᠦᠷᠯᠢᠭ ᠢ ᠠᠩᠬ᠎ᠠ ᠤᠳᠠᠭ᠎ᠠ ᠭᠦᠨᠳᠡᠵᠦ | ᠪᠠᠶᠢᠭ᠎ᠠ ᠮᠡᠲᠦ ᠬᠢᠴᠢᠶᠡᠵᠦ ᠪᠠᠶᠢᠯ᠎ᠠ᠃ | ︽ᠡᠨᠡ ᠪᠣᠯ ᠢᠷᠠᠭᠤ ᠠᠯᠳᠠᠷ ᠲᠡᠳᠦᠢ ᠦᠭᠡᠢ᠂ ᠨᠡᠩ ᠮᠢᠨᠤ ᠦᠷᠭᠦᠯᠵᠢᠯᠡᠨ ᠴᠢᠷᠮᠠᠶᠢᠨ ᠲᠡᠮᠡᠴᠡᠬᠦ ᠶᠢ ᠱᠠᠯᠠᠪᠳᠠᠭᠤᠯᠬᠤ ᠬᠥᠳᠡᠯᠭᠡᠬᠦ ᠬᠦᠴᠦᠨ ᠪᠣᠯᠣᠨ᠎ᠠ᠃ | ᠬᠤᠶᠢᠰᠢᠳᠠ ᠪᠢ ᠲᠤᠷᠰᠢᠯᠭ᠎ᠠ ᠪᠠᠨ ᠨᠡᠩ ᠣᠯᠠᠨ ᠬᠥᠮᠥᠰ ᠲᠠᠢ ᠬᠤᠪᠢᠶᠠᠯᠴᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠨᠡᠩ ᠥᠷᠭᠡᠨ ᠳᠠᠮᠵᠢᠭᠤᠯᠤᠨ᠂ | ᠨᠡᠩ ᠣᠯᠠᠨ ᠬᠥᠮᠥᠰ ᠤᠨ ᠡᠭᠡᠯ ᠵᠢᠷ ᠤᠨ ᠠᠵᠢᠯ ᠤᠨ ᠪᠠᠶᠢᠷᠢᠨ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠬᠤ ᠶᠢ ᠵᠣᠷᠢᠭᠵᠢᠭᠤᠯᠤᠨ᠎ᠠ︾ ᠭᠡᠵᠦ ᠸᠠᠩ | ᠹᠧᠢ ᠰᠡᠳᠬᠢᠯ ᠳᠣᠭᠳᠣᠯᠤᠨ ᠢᠯᠡᠳᠬᠡᠭᠰᠡᠨ ᠪᠠᠶᠢᠨ᠎ᠠ᠃ | | | |