3 ᠳ᠋ᠤᠭᠠᠷ ᠰᠠᠷ᠎ᠠ ᠳᠠᠬᠢ ᠪᠦᠬᠦ ᠤᠯᠤᠰ ᠲᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ 16994 ᠠᠰᠠᠭᠤᠳᠠᠯ ᠢ ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/5/14
       4 ᠳ᠋ᠦ᠋ᠭᠡᠷ ᠰᠠᠷ᠎ᠠ ᠶᠢᠨ 27 ᠤ ᠡᠳᠦᠷ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ 2025 ᠣᠨ ᠤ 3 ᠳ᠋ᠤᠭᠠᠷ ᠰᠠᠷ᠎ᠠ ᠳᠠᠬᠢ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠡᠳ ᠬᠤᠷᠢᠶᠠᠩᠭᠤᠶᠢᠯᠠᠭᠰᠠᠨ ᠪᠠᠶᠢᠳᠠᠯ ᠢᠶᠠᠨ ᠨᠡᠶᠢᠲᠡᠯᠡᠪᠡ᠃ ᠳᠤᠰ ᠰᠠᠷ᠎ᠠ ᠳᠤ᠂ ᠪᠦᠭᠦ ᠤᠯᠤᠰ ᠲᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠨᠡᠶᠢᠲᠡ 16994 ᠪᠠᠶᠢᠴᠠᠭᠠᠨ ᠰᠢᠢᠳᠪᠦᠷᠢᠯᠡᠵᠦ᠂ 22547 ᠬᠥᠮᠥᠨ ᠢ ᠰᠢᠭᠦᠮᠵᠢᠯᠡᠨ ᠰᠤᠷᠭᠠᠵᠤ ᠰᠢᠢᠳᠪᠦᠷᠢᠯᠡᠭᠰᠡᠨ ᠪᠥᠭᠡᠳ ᠡᠭᠦᠨ ᠳᠤ 13671 ᠬᠥᠮᠥᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠥᠭᠭᠦᠭᠰᠡᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ