ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ︕ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/5/15
       5 ᠳ᠋ᠤᠭᠠᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠠᠩᠬᠠᠳᠠᠭᠴᠢ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠮᠡᠷᠭᠡᠵᠢᠯ ᠤᠨ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ  ᠨᠢ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠳᠤ ᠪᠠᠶᠢᠭᠤᠯᠤᠭᠳᠠᠪᠠ᠂ ︽ᠲᠣᠰ ᠰᠤᠷᠭᠠᠭᠤᠯᠢ ᠶᠢᠨ ᠪᠠᠭᠰᠢ + ᠠᠵᠤ ᠠᠬᠤᠶᠢᠯᠠᠯ ᠤᠨ ᠵᠢᠯᠣᠭᠤᠳᠤᠭᠴᠢ ᠪᠠᠭᠰᠢ︾ ᠬᠠᠮᠲᠤᠷᠠᠨ ᠬᠢᠴᠢᠶᠡᠯᠯᠡᠬᠦ ᠬᠡᠪ ᠵᠠᠭᠪᠤᠷ ᠢ ᠬᠡᠷᠡᠭᠯᠡᠨ᠂ ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡ᠂ ᠳ᠋ᠠᠶᠢᠲ᠋ᠠ ᠴᠤᠭᠯᠠᠭᠤᠯᠬᠤ ᠪᠠ ᠲᠣᠮᠣ ᠳ᠋ᠠᠶᠢᠲ᠋ᠠ ᠶᠢ ᠰᠢᠢᠳᠪᠦᠷᠢᠯᠡᠬᠦ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢᠲᠠᠳ ᠢ ᠵᠠᠬᠢᠶᠠᠯᠠᠭ᠎ᠠ ᠶᠢᠨ ᠮᠠᠶ᠋ᠢᠭ ᠢᠶᠠᠷ ᠬᠥᠮᠥᠵᠢᠭᠦᠯᠬᠦ ᠶᠢ ᠬᠠᠶᠢᠨ ᠰᠦᠪᠡᠭᠴᠢᠯᠡᠬᠦ ᠪᠠᠷ ᠪᠠᠶᠢᠨ᠎ᠠ᠃   
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ