ᠥᠨᠥ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠴᠢᠬᠤᠯᠠ ᠶᠡᠭᠡ ᠲᠥᠷᠥᠯ ᠵᠦᠢᠯ︾ ᠭᠡᠬᠦ ᠡᠨᠡ ᠬᠦ ᠵᠠᠩᠭᠢᠯᠠᠭ᠎ᠠ ᠶᠢ | ᠴᠢᠩᠭ᠎ᠠ ᠠᠳᠬᠤᠵᠤ᠂ ︽ᠤᠬᠠᠭᠠᠯᠠᠨ ᠲᠥᠯᠥᠪᠯᠡᠬᠦ ᠶᠢ ᠠᠳᠬᠤᠬᠤ᠂ ᠨᠥᠭᠡᠴᠡᠯᠡᠬᠦ ᠶᠢ ᠠᠳᠬᠤᠬᠤ᠂ ᠡᠮᠦᠨᠡᠬᠢ ᠬᠤᠭᠤᠴᠠᠭ᠎ᠠ ᠶᠢ ᠠᠳᠬᠤᠬᠤ᠂ ᠠᠵᠢᠯ | ᠡᠬᠢᠯᠡᠭᠦᠯᠬᠦ ᠶᠢ ᠠᠳᠬᠤᠬᠤ᠂ ᠠᠬᠢᠴᠠ ᠶᠢ ᠠᠳᠬᠤᠬᠤ᠂ ᠠᠰᠢᠭᠯᠠᠯᠲᠠ ᠳᠤ ᠣᠷᠣᠭᠤᠯᠬᠤ ᠶᠢ ᠠᠳᠬᠤᠬᠤ︾ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠨᠢᠭᠡᠳᠦᠭᠡᠷ | ᠤᠯᠠᠷᠢᠯ ᠳᠤ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠶᠢᠲᠡ 1079 ᠴᠢᠬᠤᠯᠠ ᠶᠡᠭᠡ ᠲᠥᠷᠥᠯ ᠵᠦᠢᠯ ᠢ ᠠᠵᠢᠯ | ᠡᠬᠢᠯᠡᠭᠦᠯᠦᠭᠰᠡᠨ ᠪᠠ ᠰᠡᠷᠭᠦᠭᠡᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠶᠡᠷᠦᠩᠬᠡᠢ ᠨᠣᠷᠮ᠎ᠠ 77.2% ᠲᠤ ᠬᠦᠷᠴᠡᠢ︔ ᠴᠢᠬᠤᠯᠠ ᠶᠡᠭᠡ ᠲᠥᠷᠥᠯ ᠵᠦᠢᠯ ᠢ | ᠤᠬᠠᠭᠠᠯᠠᠨ ᠲᠥᠯᠥᠪᠯᠡᠵᠦ ᠬᠡᠷᠡᠭᠵᠢᠭᠦᠯᠦᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | 20% ᠪᠠᠷ ᠨᠡᠮᠡᠭᠳᠡᠬᠦ ᠶᠢ ᠲᠤᠯᠭᠠᠭᠤᠷᠢᠯᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ 5 ᠵᠢᠯ ᠳᠠᠷᠠᠭᠠᠯᠠᠨ | ᠨᠢᠭᠡᠳᠦᠭᠡᠷ ᠤᠯᠠᠷᠢᠯ ᠳᠤ ᠪᠠᠨ ᠰᠠᠶᠢᠨ ᠡᠬᠢᠯᠡᠯᠲᠡ ᠲᠠᠢ ᠪᠠᠶᠢᠬᠤ ᠶᠢ ᠪᠡᠶᠡᠯᠡᠭᠦᠯᠪᠡ᠃ | ᠣᠷᠳᠣᠰ ᠬᠤᠳᠠ ᠶᠢᠨ ᠲᠠᠯᠠᠳ ᠤᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠲᠣᠭᠤᠷᠢᠭ ᠲᠤ᠂ ᠷᠦᠩ ᠰᠢᠨ ᠬᠢᠮᠢ ᠶᠢᠨ ᠠᠵᠤ ᠦᠢᠯᠡᠳᠪᠦᠷᠢ ᠶᠢᠨ | ᠵᠢᠯ ᠳᠤ 80 ᠲᠦᠮᠡᠨ ᠲᠣᠨ ᠠᠯᠺᠧᠨ ᠦᠢᠯᠡᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠬᠥᠭᠵᠢᠶᠡᠨᠲᠡᠢ ᠶᠠᠪᠤᠭᠳᠠᠵᠤ ᠪᠤᠢ᠃ ᠥᠪᠡᠷᠲᠡᠭᠡᠨ | ᠵᠠᠰᠠᠬᠤ ᠣᠷᠣᠨ ᠤ ᠭᠤᠣᠯᠳᠠᠯᠭ᠎ᠠ ᠪᠣᠯᠬᠤ ᠲᠥᠷᠥᠯ ᠵᠦᠢᠯ ᠪᠣᠯᠤᠭᠰᠠᠨ ᠤ ᠬᠤᠪᠢ ᠳᠤ᠂ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 98.3 | ᠳ᠋ᠦᠩᠰᠢᠭᠤᠷ ᠲᠥᠭᠦᠷᠢᠭ ᠪᠣᠯᠣᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ ᠦᠢᠯᠡᠳᠬᠦᠨ ᠤ | ᠥᠷᠲᠡᠭ 67 ᠳ᠋ᠦᠩᠰᠢᠭᠤᠷ ᠲᠥᠭᠦᠷᠢᠭ ᠰᠢᠬᠠᠮ ᠪᠣᠯᠬᠤ ᠪᠣᠯᠣᠨ᠎ᠠ᠃ ᠡᠨᠡ ᠵᠢᠯ᠂ ᠠᠯᠠᠱᠠ ᠠᠶᠢᠮᠠᠭ 141 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ ᠣᠨ ᠤ ᠪᠡᠯᠡ ᠣᠷᠤᠭᠤᠯᠤᠯᠲᠠ ᠶᠢᠨ ᠲᠥᠯᠥᠪᠯᠡᠭᠡ ᠨᠢ 418.7 ᠳ᠋ᠦᠩᠰᠢᠭᠤᠷ ᠲᠥᠭᠦᠷᠢᠭ ᠪᠣᠯᠣᠨ᠎ᠠ᠃ ᠦᠬᠠᠢ ᠬᠤᠳᠠ ᠶᠢᠨ ᠬᠢᠨ ᠡᠨᠡ ᠵᠢᠯ | ᠬᠤᠳᠠ ᠶᠢᠨ ᠲᠡᠰ ᠤᠨ 233 ᠭᠤᠣᠯᠳᠠᠯᠭ᠎ᠠ ᠪᠣᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠤᠬᠠᠭᠠᠯᠠᠨ ᠲᠥᠯᠥᠪᠯᠡᠵᠦ ᠪᠠᠶᠢᠨ᠎ᠠ᠂ | ᠡᠭᠦᠨ ᠳᠤ ᠶᠡᠷᠦᠩᠬᠡᠢ ᠪᠡᠯᠡ ᠣᠷᠣᠭᠤᠯᠤᠯᠲᠠ ᠨᠢ 1170.9 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ 218.4 ᠳ᠋ᠦᠩᠰᠢᠭᠤᠷ ᠲᠥᠭᠦᠷᠢᠭ ᠪᠡᠯᠡ | ᠣᠷᠣᠭᠤᠯᠬᠤ ᠪᠠᠷ ᠲᠥᠯᠥᠪᠯᠡᠵᠦ ᠪᠠᠶᠢᠨ᠎ᠠ᠂ ᠪᠠᠰᠠ ᠥᠨᠥ ᠵᠢᠯ ᠳᠤ 120 ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠵᠢᠱᠢᠵᠦ᠂ | ᠲᠡᠳᠡᠭᠡᠷ ᠲᠤ ᠬᠤᠯᠪᠣᠭᠳᠠᠬᠤ ᠶᠡᠷᠦᠩᠬᠡᠢ ᠪᠡᠯᠡ ᠣᠷᠣᠭᠤᠯᠤᠯᠲᠠ ᠨᠢ 391.2 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠾᠧ ᠵᠢᠶᠧ | ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠨᠢᠭᠡᠨᠲᠡ 2025 ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠵᠠᠰᠠᠭ ᠤᠨ ᠣᠷᠳᠣᠨ ᠤ 5000 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠪᠠ ᠠᠵᠤ ᠠᠬᠤᠶᠢᠯᠠᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ 3352 ᠴᠢᠬᠤᠯᠠ | ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠵᠦ ᠨᠥᠭᠡᠴᠡᠯᠡᠭᠡᠳ ᠪᠠᠶᠢᠨ᠎ᠠ᠂ ᠲᠡᠳᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠨᠢ 3.6 ᠲᠦᠮᠡᠨ ᠳ᠋ᠦᠩᠰᠢᠭᠤᠷ | ᠲᠥᠭᠦᠷᠢᠭ ᠪᠠᠶᠢᠵᠤ᠂ ᠣᠨ ᠤ ᠲᠥᠯᠥᠪᠯᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠨᠢ ᠲᠦᠮᠡᠨ ᠳ᠋ᠦᠩᠰᠢᠭᠤᠷ ᠲᠥᠭᠦᠷᠢᠭ ᠲᠤ ᠬᠥᠷᠥᠭᠰᠡᠨ | ᠪᠠᠶᠢᠨ᠎ᠠ᠃ | |