4 ᠰᠠᠷ᠎ᠠ ᠶᠢᠨ 28 ᠤ ᠥᠷᠯᠥᠭᠡ ᠶᠢᠨ 8 ᠴᠠᠭ ᠭᠠᠷᠤᠢ ᠳᠤ᠂ ᠵᠢᠶᠣᠣ ᠰᠢᠩ ᠯᠢ ᠺᠤᠮᠫᠠᠨᠢ ᠶᠢᠨ ᠢᠶᠠᠨ ᠬᠤᠷᠠᠯ ᠤᠨ ᠭᠡᠷ ᠲᠤ ᠬᠦᠷᠴᠦ᠂ ᠬᠤᠭᠤᠯᠠᠢ | ᠱᠤᠭᠤᠮ ᠤᠨ ᠲᠠᠷᠬᠠᠯᠲᠠ ᠶᠢᠨ ᠵᠢᠷᠤᠭ ᠢ ᠬᠠᠷᠠᠵᠤ᠂ ᠬᠠᠮᠲᠤ ᠠᠵᠢᠯᠯᠠᠭᠰᠠᠳ ᠲᠠᠭᠠᠨ ᠨᠢᠭᠡ ᠭᠠᠷᠠᠭ ᠤᠨ ᠲᠣᠭᠤᠷᠢᠨ ᠪᠠᠶᠢᠴᠠᠭᠠᠬᠤ ᠠᠵᠢᠯ ᠢ ᠪᠠᠶᠢᠷᠢᠯᠠᠭᠤᠯᠪᠠ᠃ | ᠠᠵᠢᠯ ᠢᠶᠠᠨ ᠪᠠᠶᠢᠷᠢᠯᠠᠭᠤᠯᠵᠤ ᠪᠠᠷᠠᠭᠰᠠᠨ ᠤ ᠳᠠᠷᠠᠭ᠎ᠠ᠂ ᠲᠡᠷᠡ ᠰᠡᠯᠪᠢᠨ ᠵᠠᠰᠠᠬᠤ ᠪᠠᠭᠠᠵᠢ ᠬᠡᠷᠡᠭᠰᠡᠯ ᠤᠨ ᠬᠠᠶᠢᠷᠴᠠᠭ ᠢᠶᠠᠨ ᠠᠪᠴᠤ᠂ ᠬᠠᠮᠲᠤ ᠠᠵᠢᠯᠯᠠᠭᠰᠠᠳ ᠲᠠᠢ ᠪᠠᠨ | ᠳᠤᠭᠤᠶᠢᠯᠠᠩ ᠬᠤᠪᠢᠶᠠᠨ ᠥᠪᠡᠷ ᠥᠪᠡᠷ ᠤᠨ ᠬᠠᠷᠢᠭᠤᠴᠠᠵᠤ ᠪᠠᠶᠢᠭ᠎ᠠ ᠤᠰᠤ ᠬᠠᠩᠭᠠᠬᠤ ᠬᠤᠭᠤᠯᠠᠢ ᠲᠣᠣᠷ ᠤᠨ ᠣᠷᠣᠨ ᠪᠦᠰᠡ ᠳᠤ ᠬᠦᠷᠴᠦ᠂ ᠨᠢᠭᠡ ᠡᠳᠦᠷ ᠤᠨ | ᠲᠣᠭᠤᠷᠢᠨ ᠪᠠᠶᠢᠴᠠᠭᠠᠵᠤ ᠰᠡᠯᠪᠢᠨ ᠵᠠᠰᠠᠬᠤ ᠠᠵᠢᠯ ᠢᠶᠠᠨ ᠡᠬᠢᠯᠡᠭᠦᠯᠪᠡ᠃ | ︽ᠣᠶᠢᠷ᠎ᠠ ᠳᠤ ᠤᠰᠤ ᠬᠠᠩᠭᠠᠬᠤ ᠣᠷᠭᠢᠯ ᠬᠤᠭᠤᠴᠠᠭᠠᠨ ᠳᠤ ᠣᠷᠣᠵᠤ᠂ ᠮᠠᠨ ᠤ ᠬᠠᠷᠢᠭᠤᠴᠠᠵᠤ ᠪᠠᠶᠢᠭ᠎ᠠ ᠣᠷᠣᠨ ᠪᠦᠰᠡ ᠶᠢᠨ ᠣᠷᠴᠢᠨ ᠨᠥᠬᠦᠴᠡᠯ ᠮᠠᠰᠢ | ᠪᠠᠷᠤᠭᠲᠠᠢ᠂ ᠠᠰᠠᠭᠤᠳᠠᠯ ᠪᠤᠳᠤᠯᠢᠶᠠᠨᠲᠠᠢ ᠪᠠᠶᠢᠵᠤ᠂ ᠡᠷᠬᠡᠪᠰᠢ ᠲᠣᠭᠤᠷᠢᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠪᠡᠯ ᠰᠠᠶ᠋ᠢ ᠡᠯ᠎ᠡ ᠨᠢᠭᠡᠴᠢ᠂ ᠠᠵᠤ ᠠᠬᠤᠶᠢᠯᠠᠯ | ᠪᠣᠯᠣᠨ ᠰᠠᠭᠤᠭᠠᠯᠢ ᠠᠷᠠᠳ ᠤᠨ ᠤᠰᠤ ᠬᠠᠩᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ︾ ᠭᠡᠵᠦ ᠵᠢᠶᠣᠣ ᠰᠢᠩ ᠯᠢ | ᠳᠠᠮᠵᠢᠭᠤᠯᠬᠤ ᠬᠤᠭᠤᠯᠠᠢ ᠶᠢᠨ ᠨᠠᠷᠢᠨ ᠵᠦᠢᠯᠡᠰ ᠢ ᠲᠣᠭᠤᠷᠢᠨ ᠪᠠᠶᠢᠴᠠᠭᠠᠬᠤ ᠶᠢᠨ ᠳᠠᠭᠠᠤ ᠰᠤᠷᠪᠤᠯᠵᠢᠯᠠᠬᠴᠢ ᠳᠤ ᠬᠡᠯᠡᠪᠡ᠃ | ᠵᠢᠶᠣᠣ ᠰᠢᠩ ᠯᠢ ᠪᠣᠯ ᠠᠯᠠᠱᠠ ᠠᠶᠢᠮᠠᠭ ᠤᠨ ᠱᠧᠩ ᠱᠢ ᠤᠰᠤᠨ ᠤ ᠶᠠᠪᠤᠳᠠᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ | ᠮᠡᠷᠭᠡᠵᠢᠯ ᠤᠨ ᠬᠡᠯᠲᠡᠰ ᠤᠨ ᠳᠡᠳ᠋ ᠳᠠᠷᠤᠭ᠎ᠠ ᠪᠣᠯᠣᠨ᠎ᠠ᠃ 16 ᠵᠢᠯ ᠤᠨ ᠲᠤᠷᠰᠢ᠂ ᠲᠡᠷᠡ ᠠᠯᠠᠱᠠ ᠠᠶᠢᠮᠠᠭ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠤᠰᠤ ᠬᠠᠩᠭᠠᠬᠤ ᠡᠮᠦᠨ᠎ᠡ ᠹᠷᠣᠨᠲ ᠲᠤ ᠦᠨᠳᠦᠰᠦᠯᠡᠵᠦ᠂ ᠬᠦᠷᠢᠶᠡᠯᠡᠩ ᠲᠣᠭᠤᠷᠢᠭ ᠤᠨ ᠤᠰᠤᠨ ᠬᠤᠭᠤᠯᠠᠢ ᠶᠢ ᠪᠦᠷ ᠲᠣᠭᠤᠷᠢᠨ ᠪᠠᠶᠢᠴᠠᠭᠠᠵᠤ | ᠥᠩᠭᠡᠷᠡᠵᠦ᠂ ᠬᠦᠴᠦ ᠬᠥᠯᠥᠰᠦ ᠪᠠᠷ ᠢᠶᠠᠨ ᠲᠦᠭ ᠲᠦᠮᠡᠨ ᠠᠶᠢᠯ ᠡᠷᠦᠭᠡ ᠶᠢᠨ ᠤᠰᠤ ᠬᠡᠷᠡᠭᠯᠡᠬᠦ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠰᠤᠨ ᠤ ᠶᠠᠪᠤᠳᠠᠯ ᠤᠨ ᠠᠵᠢᠯᠲᠠᠨ ᠤ ᠬᠠᠷᠢᠭᠤᠴᠠᠯᠭ᠎ᠠ ᠪᠠ ᠡᠭᠦᠷᠭᠡᠯᠡᠯ ᠢ ᠡᠭᠦᠷᠭᠡᠯᠡᠵᠦ᠂ ᠬᠠᠮᠲᠤ ᠠᠵᠢᠯᠯᠠᠭᠰᠠᠳ ᠨᠢ | ᠲᠡᠭᠦᠨ ᠢ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠹᠷᠣᠨᠲ ᠤᠨ ︽ᠡᠷᠭᠢ ᠱᠤᠷᠠᠭ︾ ᠬᠡᠮᠡᠨ ᠳᠣᠲᠣᠨᠣᠴᠢᠯᠠᠨ ᠳᠠᠭᠤᠳᠠᠳᠠᠭ ᠪᠣᠯᠵᠠᠢ᠃ | 2009 ᠣᠨ ᠳᠤ᠂ ᠵᠢᠶᠣᠣ ᠰᠢᠩ ᠯᠢ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠠᠯᠠᠱᠠ ᠠᠶᠢᠮᠠᠭ ᠤᠨ ᠱᠧᠩ ᠱᠢ ᠤᠰᠤᠨ ᠤ ᠶᠠᠪᠤᠳᠠᠯ ᠤᠨ | ᠬᠢᠵᠠᠭᠠᠷᠲᠤ ᠺᠤᠮᠫᠠᠨᠢ ᠳᠤ ᠪᠠᠶᠢᠴᠠᠭᠠᠨ ᠵᠠᠰᠠᠬᠤ ᠠᠵᠢᠯᠴᠢᠨ ᠪᠣᠯᠪᠠ᠃ ᠲᠡᠷᠡ ᠰᠠᠶ᠋ᠢᠬᠠᠨ ᠠᠵᠢᠯ ᠳᠤ ᠣᠷᠣᠵᠤ᠂ ᠲᠤᠬᠠᠶᠢᠯᠠᠭᠰᠠᠨ ᠠᠵᠢᠯ ᠢᠶᠠᠨ ᠳᠠᠷᠤᠢ ᠲᠦᠷᠭᠡᠨ | ᠪᠣᠯᠪᠠᠰᠤᠷᠠᠩᠭᠤᠢ ᠡᠵᠡᠮᠰᠢᠬᠦ ᠶᠢᠨ ᠲᠥᠯᠥᠭᠡ᠂ ᠨᠢᠭᠡ ᠲᠠᠯ᠎ᠠ ᠪᠠᠷ ᠲᠤᠰᠬᠠᠢ ᠮᠡᠷᠭᠡᠵᠢᠯ ᠤᠨ ᠨᠣᠮ ᠪᠢᠴᠢᠭ ᠢ ᠰᠢᠮᠳᠠᠨ ᠤᠩᠰᠢᠵᠤ᠂ ᠨᠦᠭᠦᠭᠡ ᠲᠠᠯ᠎ᠠ ᠪᠠᠷ ᠠᠬᠠᠮᠠᠳ | ᠪᠠᠭᠰᠢ ᠨᠠᠷ ᠠᠴᠠ ᠰᠤᠷᠤᠯᠴᠠᠵᠤ᠂ ᠤᠳᠠᠭ᠎ᠠ ᠪᠦᠷᠢ ᠶᠢᠨ ᠲᠤᠨᠤᠭ ᠲᠥᠬᠦᠭᠡᠷᠦᠮᠵᠢ ᠶᠢ ᠰᠡᠯᠪᠢᠨ ᠵᠠᠰᠠᠬᠤ᠂ ᠤᠳᠠᠭ᠎ᠠ ᠪᠦᠷᠢ ᠶᠢᠨ ᠬᠠᠷᠰᠢ ᠰᠠᠭᠠᠳ ᠢ ᠠᠷᠢᠯᠭᠠᠬᠤ ᠨᠢ | ᠴᠥᠮ ᠲᠡᠭᠦᠨ ᠤ ᠰᠤᠷᠤᠯᠴᠠᠬᠤ ᠲᠣᠭᠢᠶᠠᠯ ᠪᠣᠯᠤᠭᠰᠠᠨ ᠪᠠᠶᠢᠪᠠ︔ ᠠᠮᠠᠷᠠᠬᠤ ᠴᠠᠭ ᠲᠠᠭᠠᠨ ᠴᠦ ᠲᠡᠷᠡ ᠠᠬᠠᠮᠠᠳ ᠪᠠᠭᠰᠢ ᠶᠢᠨ ᠢᠶᠠᠨ ᠳᠡᠷᠭᠡᠳᠡ ᠣᠴᠢᠨ ᠳᠠᠷᠤᠤ | ᠬᠢᠴᠢᠶᠡᠩᠭᠦᠢ ᠪᠠᠷ ᠠᠰᠠᠭᠤᠨ ᠯᠠᠪᠯᠠᠵᠤ᠂ ᠠᠬᠠᠮᠠᠳ ᠪᠠᠭᠰᠢ ᠨᠠᠷ ᠤᠨ ᠲᠠᠶᠢᠯᠪᠤᠷᠢᠯᠠᠭᠰᠠᠨ ᠪᠠᠶᠢᠴᠠᠭᠠᠨ ᠵᠠᠰᠠᠬᠤ ᠶᠢᠨ ᠭᠤᠣᠯᠳᠠᠯᠭ᠎ᠠ ᠪᠠ ᠠᠷᠭ᠎ᠠ ᠤᠬᠠᠭᠠᠨ ᠢ ᠨᠠᠷᠢᠨ | ᠬᠢᠨᠠᠮᠠᠭᠠᠢ ᠴᠡᠭᠡᠵᠢᠯᠡᠪᠡ᠃ ᠤᠴᠢᠷ ᠶᠠᠪᠤᠳᠠᠯ ᠬᠢᠬᠦ ᠳᠡᠭᠡᠨ ᠦᠨᠡᠨ ᠬᠦ ᠬᠦᠴᠦ ᠣᠷᠣᠭᠤᠯᠵᠤ᠂ ᠴᠥᠬᠦᠷᠡᠰᠢ ᠦᠭᠡᠢ ᠰᠤᠷᠤᠯᠴᠠᠨ ᠰᠤᠳᠤᠯᠬᠤ ᠪᠠᠷ ᠳᠡᠮᠵᠢᠨ᠂ ᠵᠢᠶᠣᠣ ᠰᠢᠩ | ᠯᠢ ᠮᠠᠰᠢ ᠲᠦᠷᠭᠡᠨ ᠢᠶᠠᠷ ᠤᠰᠤ ᠬᠠᠩᠭᠠᠯᠲᠠ ᠶᠢᠨ ᠪᠠᠶᠢᠴᠠᠭᠠᠨ ᠰᠡᠯᠪᠢᠬᠦ ︽ᠮᠡᠷᠭᠡᠵᠢᠯᠲᠡᠨ︾ ᠪᠣᠯᠤᠭᠰᠠᠨ ᠪᠠᠶᠢᠨ᠎ᠠ᠃ | ︽ᠡᠨᠡ ᠠᠵᠢᠯ ᠢ ᠰᠣᠩᠭᠤᠭᠰᠠᠨ ᠶᠤᠮ ᠴᠢᠨᠢ ᠠᠵᠢᠯ ᠢᠶᠠᠨ ᠰᠠᠶᠢᠲᠤᠷ ᠬᠢᠵᠦ᠂ ᠬᠡᠷᠡᠭᠯᠡᠭᠴᠢᠳ ᠲᠤ ᠰᠠᠶᠢᠲᠤᠷ ᠦᠢᠯᠡᠴᠢᠯᠡᠬᠦ ᠬᠡᠷᠡᠭᠲᠡᠢ᠃ ᠲᠣᠭᠤᠷᠢᠨ | ᠪᠠᠶᠢᠴᠠᠭᠠᠬᠤ ᠪᠦᠷᠢ ᠪᠢ ᠪᠦᠷ ︿ᠠᠰᠠᠭᠤᠳᠠᠯ ᠰᠢᠢᠳᠪᠦᠷᠢᠯᠡᠬᠦ﹀ ᠰᠡᠳᠬᠢᠬᠦᠢ ᠲᠠᠢ ᠶᠠᠪᠤᠵᠤ᠂ ᠱᠠᠯᠠᠪᠳᠠᠨ ᠵᠠᠰᠠᠬᠤ ᠤᠳᠠᠭ᠎ᠠ ᠪᠣᠯᠭᠠᠨ ᠢ ᠮᠡᠷᠭᠡᠵᠢᠯ ᠤᠨ ᠪᠣᠯᠪᠠᠰᠤᠷᠠᠯ ᠢᠶᠠᠷ | ᠦᠵᠡᠳᠡᠭ᠃ ᠪᠢ ᠬᠤᠷᠳᠤᠨ ᠠᠵᠢᠯᠯᠠᠪᠠᠯ ᠰᠠᠶ᠋ᠢ ᠬᠡᠷᠡᠭᠯᠡᠭᠴᠢ ᠬᠤᠷᠳᠤᠨ ᠤᠰᠤ ᠬᠡᠷᠡᠭᠯᠡᠵᠦ ᠪᠣᠯᠣᠨ᠎ᠠ︾ ᠭᠡᠵᠦ ᠵᠢᠶᠣᠣ ᠰᠢᠩ ᠯᠢ ᠬᠡᠯᠡᠪᠡ᠃ | ᠬᠡᠷᠡᠭᠯᠡᠭᠴᠢᠳ ᠲᠤ ᠲᠥᠭᠦᠮ ᠦᠵᠡᠭᠦᠯᠭᠦ ᠶᠢᠨ ᠲᠥᠯᠥᠭᠡ ᠵᠢᠶᠣᠣ ᠰᠢᠩ ᠯᠢ ᠶᠢᠨ ᠭᠠᠷ ᠤᠲᠠᠰᠤ ᠵᠢᠯᠵᠢᠨ 24 ᠴᠠᠭ ᠢᠶᠠᠷ ᠨᠡᠭᠡᠭᠡᠯᠲᠡ ᠲᠠᠢ ᠪᠠᠶᠢᠳᠠᠭ᠃ | ᠲᠡᠭ ᠠᠴᠠ ᠳᠣᠷᠣᠭᠰᠢ 20 ᠭᠠᠷᠤᠢ ᠭᠷᠡᠳᠦ᠋ᠰ ᠤᠨ ᠡᠪᠦᠯ ᠤᠨ ᠡᠳᠦᠷ ᠴᠦ ᠲᠡᠷᠡ᠂ ᠰᠥᠨᠢ ᠳᠦᠯᠢ ᠴᠦ ᠲᠡᠷᠡ᠂ ᠰᠡᠯᠪᠢᠨ ᠵᠠᠰᠠᠬᠤ᠂ ᠵᠠᠪᠳᠤᠨ ᠵᠠᠰᠠᠬᠤ ᠤᠲᠠᠰᠤ ᠶᠢ | ᠲᠤᠰᠳᠠᠭ ᠯᠠ ᠶᠤᠮ ᠪᠣᠯ ᠲᠡᠷᠡ ᠳᠠᠷᠤᠢ ᠲᠦᠷᠭᠡᠨ ᠲᠤᠬᠠᠢ ᠶᠢᠨ ᠲᠠᠯᠠᠪᠠᠢ ᠳᠤ ᠣᠴᠢᠳᠠᠭ᠃ | 2017 ᠣᠨ ᠤ 7 ᠰᠠᠷ᠎ᠠ ᠶᠢᠨ ᠨᠢᠭᠡᠨ ᠣᠷᠣᠢ ᠶᠡᠭᠡ ᠪᠣᠷᠣᠭᠠᠨ ᠣᠷᠣᠪᠠ᠃ ᠵᠢᠶᠣᠣ ᠰᠢᠩ ᠯᠢ ᠬᠢᠮᠤᠷᠠᠭᠰᠠᠨ ᠠᠴᠠ ᠪᠡᠶ᠎ᠡ ᠨᠢ ᠮᠠᠰᠢ ᠡᠪ ᠦᠭᠡᠢ ᠪᠠᠶᠢᠯ᠎ᠠ᠃ ᠡᠨᠡ | ᠦᠶ᠎ᠡ ᠳᠤ ᠨᠢᠭᠡᠨ ᠰᠠᠭᠤᠭᠠᠯᠢ ᠠᠷᠠᠳ ᠤᠲᠠᠰᠤ ᠢᠷᠡᠭᠦᠯᠵᠦ᠂ ᠭᠡᠷ ᠤᠨ ᠬᠢᠨᠢ ᠤᠰᠤ ᠳᠠᠮᠵᠢᠭᠤᠯᠬᠤ ᠬᠤᠭᠤᠯᠠᠢ ᠬᠠᠭᠠᠷᠠᠪᠠ ᠭᠡᠵᠡᠢ᠃ ᠲᠡᠷᠡ ᠶᠠᠭᠤ ᠴᠤ ᠬᠡᠯᠡᠭᠰᠡᠨ | ᠦᠭᠡᠢ᠂ ᠬᠤᠷᠳᠤᠨ ᠭᠡᠭᠴᠢ ᠠᠵᠢᠯ ᠤᠨ ᠬᠤᠪᠴᠠᠰᠤ ᠪᠠᠨ ᠡᠮᠦᠰᠴᠦ᠂ ᠪᠠᠭᠠᠵᠢ ᠬᠡᠷᠡᠭᠰᠡᠯ ᠢᠶᠠᠨ ᠠᠪᠤᠭᠠᠳ ᠬᠡᠷᠡᠭᠯᠡᠭᠴᠢ ᠶᠢᠨ ᠭᠡᠷ ᠲᠤ ᠣᠴᠢᠪᠠ᠃ ᠶᠠᠭᠠᠷᠠᠭᠠᠳ ᠡᠬᠢᠯᠡᠪᠡᠯ | ᠭᠤᠷᠪᠠ ᠳᠥᠷᠪᠡᠨ ᠴᠠᠭ ᠴᠤ ᠬᠤᠷᠳᠤᠨ ᠥᠩᠭᠡᠷᠡᠵᠦ᠂ ᠳᠠᠮᠵᠢᠭᠤᠯᠬᠤ ᠬᠤᠭᠤᠯᠠᠢ ᠶᠢ ᠵᠠᠰᠠᠵᠤ ᠪᠠᠷᠠᠬᠤ ᠦᠶᠡᠰ ᠨᠢᠭᠡᠨᠲᠡ ᠰᠥᠨᠢ ᠳᠦᠯᠢ ᠪᠣᠯᠵᠠᠢ᠃ ᠬᠡᠷᠡᠭᠯᠡᠭᠴᠢ ᠠᠴᠠ | ᠲᠠᠯᠠᠷᠬᠠᠯ ᠤᠨ ᠰᠡᠳᠬᠢᠯ ᠢᠶᠠᠨ ᠢᠯᠡᠳᠬᠡᠬᠦ ᠳᠤ᠂ ᠲᠡᠷᠡ ᠢᠨᠢᠶᠡᠭᠰᠡᠭᠡᠷ᠄ ︽ᠬᠠᠮᠢᠶ᠎ᠠ ᠦᠭᠡᠢ᠂ ᠡᠨᠡ ᠪᠣᠯ ᠮᠢᠨᠤ ᠬᠢᠬᠦ ᠶᠣᠰᠣᠲᠠᠢ ᠠᠵᠢᠯ︾ ᠭᠡᠪᠡ᠃ | ᠵᠢᠯ ᠪᠦᠷᠢ ᠶᠢᠨ ᠴᠠᠭᠠᠨ ᠰᠠᠷ᠎ᠠ ᠶᠢᠨ ᠬᠤᠭᠤᠴᠠᠭᠠᠨ ᠳᠤ᠂ ᠵᠢᠶᠣᠣ ᠰᠢᠩ ᠯᠢ ᠪᠦᠷ ᠠᠵᠢᠯ ᠤᠨ ᠪᠠᠶᠢᠷᠢ ᠪᠠᠨ ᠪᠠᠲᠤ ᠰᠠᠬᠢᠵᠤ ᠲᠣᠭᠤᠷᠢᠨ ᠴᠠᠭᠳᠠᠵᠤ | ᠵᠢᠵᠢᠭᠦᠷᠯᠡᠳᠡᠭ᠃ | 2019 ᠣᠨ ᠤ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠤ ᠰᠥᠨᠢ ᠭᠡᠨᠡᠳᠲᠡ ᠶᠡᠭᠡ ᠬᠦᠢᠲᠡᠷᠡᠵᠦ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠭᠤᠷᠪᠠᠳᠤᠭᠠᠷ ᠳᠡᠰ ᠤᠨ ᠬᠥᠭᠡᠷᠭᠡ ᠶᠢᠨ ᠥᠷᠲᠡᠭᠡ ᠪᠠ B ᠭᠠᠵᠠᠷ ᠣᠷᠣᠨ ᠳᠤ ᠴᠥᠮ ᠤᠰᠤᠨ ᠬᠤᠭᠤᠯᠠᠢ ᠳᠡᠯᠪᠡᠷᠡᠵᠦ ᠤᠰᠤ ᠭᠤᠭᠤᠵᠢᠭᠰᠠᠨ | ᠬᠦᠨᠳᠦ ᠨᠣᠴᠢᠲᠠᠢ ᠠᠰᠠᠭᠤᠳᠠᠯ ᠭᠠᠷᠴᠤ᠂ ᠤᠰᠤ ᠴᠠᠭᠢᠯᠭᠠᠨ ᠪᠦᠷ ᠵᠣᠭᠰᠣᠪᠠ᠃ ᠠᠳᠡᠯ ᠭᠠᠷᠤᠭᠰᠠᠨ ᠤ ᠳᠠᠷᠠᠭ᠎ᠠ᠂ ᠵᠢᠶᠣᠣ ᠰᠢᠩ ᠯᠢ ᠬᠠᠮᠲᠤ ᠠᠵᠢᠯᠯᠠᠭᠰᠠᠳ ᠢᠶᠠᠨ | ᠳᠠᠭᠠᠭᠤᠯᠤᠨ ᠲᠤᠬᠠᠢ ᠶᠢᠨ ᠲᠠᠯᠠᠪᠠᠶ ᠳᠤ ᠬᠦᠷᠴᠦ᠂ ᠭᠠᠵᠠᠷ ᠳᠡᠭᠡᠷᠡᠬᠢ ᠮᠥᠰᠥ ᠶᠢ ᠲᠦᠷᠭᠡᠨ ᠴᠡᠪᠡᠷᠯᠡᠵᠦ᠂ ᠬᠠᠭᠠᠷᠠᠭᠰᠠᠨ ᠤᠰᠤᠨ ᠬᠤᠭᠤᠯᠠᠢ ᠶᠢ ᠵᠠᠪᠳᠤᠨ ᠵᠠᠰᠠᠵᠤ᠂ | ᠥᠷᠯᠥᠭᠡ ᠶᠢᠨ 4 ᠴᠠᠭ ᠭᠠᠷᠤᠢ ᠪᠤᠯᠲᠠᠯ᠎ᠠ ᠶᠠᠭᠠᠷᠠᠭᠠᠳ ᠤᠰᠤᠨ ᠬᠤᠭᠤᠯᠠᠢ ᠶᠢ ᠵᠠᠰᠠᠵᠤ ᠪᠠᠷᠠᠭᠰᠠᠨ ᠤ ᠳᠠᠷᠠᠭ᠎ᠠ ᠰᠠᠶ᠋ᠢ ᠬᠠᠷᠢᠵᠠᠢ᠃ | 2016 ᠣᠨ ᠠᠴᠠ 2019 ᠣᠨ ᠪᠤᠯᠲᠠᠯᠠᠭᠢ ᠬᠤᠭᠤᠴᠠᠭ᠎ᠠ ᠪᠣᠯ ᠵᠢᠶᠣᠣ ᠰᠢᠩ ᠯᠢ ᠶᠢᠨ ᠰᠡᠯᠪᠢᠨ ᠵᠠᠰᠠᠬᠤ ᠡᠭᠦᠷᠭᠡ ᠬᠠᠮᠤᠭ ᠤᠨ ᠬᠦᠨᠳᠦ 3 ᠵᠢᠯ | ᠪᠣᠯᠣᠨ᠎ᠠ᠃ ᠲᠤᠬᠠᠢ ᠶᠢᠨ ᠦᠶ᠎ᠡ ᠳᠤ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠷᠢᠮ ᠤᠰᠤ ᠬᠠᠩᠭᠠᠬᠤ ᠬᠤᠭᠤᠯᠠᠢ ᠱᠤᠭᠤᠮ ᠤᠨ ᠬᠡᠷᠡᠭᠯᠡᠭᠰᠡᠨ | ᠵᠢᠯ ᠬᠤᠭᠤᠴᠠᠭ᠎ᠠ ᠬᠡᠲᠦᠷᠬᠡᠢ ᠣᠷᠳᠣ᠂ ᠬᠤᠭᠤᠯᠠᠢ ᠪᠥᠭᠯᠡᠷᠡᠬᠦ᠂ ᠢᠯᠵᠢᠷᠡᠵᠦ ᠤᠰᠤ ᠭᠤᠭᠤᠵᠢᠬᠤ᠂ ᠤᠰᠤᠨ ᠤ ᠴᠢᠨᠠᠷ ᠢ ᠨᠥᠯᠥᠭᠡᠯᠡᠬᠦ ᠪᠠᠶᠢᠳᠠᠯ ᠪᠠᠶᠢᠨ ᠳᠠᠭᠢᠨ ᠭᠠᠷᠴᠤ | ᠪᠠᠶᠢᠪᠠ᠃ ᠨᠦᠰᠡᠷ ᠶᠡᠭᠡ ᠳᠠᠷᠤᠯᠲᠠ ᠶᠢᠨ ᠡᠮᠦᠨ᠎ᠡ᠂ ᠵᠢᠶᠣᠣ ᠰᠢᠩ ᠯᠢ ᠬᠦᠨᠳᠦ ᠡᠭᠦᠷᠭᠡ ᠶᠢ ᠡᠭᠦᠷᠭᠡᠯᠡᠵᠦ᠂ ᠮᠡᠷᠭᠡᠵᠢᠯ ᠤᠨ ᠪᠣᠭᠤᠮᠲᠠ ᠰᠢᠪᠲᠤᠯᠬᠤ ᠳᠤᠭᠤᠶᠢᠯᠠᠩ ᠢ | ᠲᠦᠷᠦᠭᠦᠯᠡᠨ ᠪᠠᠶᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠶᠠᠪᠤᠴᠠ ᠶᠢ ᠲᠣᠭᠲᠠᠭᠠᠨ ᠲᠡᠭᠦᠯᠳᠡᠷᠵᠢᠭᠦᠯᠵᠦ᠂ ᠡᠳᠦᠷ ᠪᠦᠷᠢ ᠤᠰᠤ ᠬᠠᠩᠭᠠᠬᠤ ᠬᠤᠭᠤᠯᠠᠢ ᠶᠢ | ᠰᠡᠯᠪᠢᠨ ᠵᠠᠰᠠᠬᠤ ᠡᠮᠦᠨ᠎ᠡ ᠹᠷᠣᠨᠲ ᠲᠤ ᠶᠠᠭᠠᠷᠠᠨ ᠠᠵᠢᠯᠯᠠᠪᠠ᠃ | ᠬᠡᠲᠦᠷᠬᠡᠢ ᠶᠠᠳᠠᠷᠠᠵᠤ ᠠᠵᠢᠯᠯᠠᠭᠰᠠᠨ ᠠᠴᠠ ᠪᠣᠯᠵᠤ ᠵᠢᠶᠣᠣ ᠰᠢᠩ ᠯᠢ ᠶᠢᠨ ᠨᠢᠷᠤᠭᠤ ᠰᠡᠭᠡᠷ ᠤᠨ ᠮᠦᠭᠡᠷᠡᠰᠦᠨ ᠲᠠᠪᠠᠭ ᠨᠢ ᠭᠡᠮᠲᠦᠵᠦ ᠪᠤᠯᠴᠢᠩ ᠨᠢ | ᠰᠢᠷᠬᠠᠲᠤᠵᠠᠢ᠂ ᠭᠡᠪᠡᠴᠦ ᠡᠭᠦᠷᠭᠡ ᠪᠠᠨ ᠲᠦᠷᠭᠡᠨ ᠪᠡᠶᠡᠯᠡᠭᠦᠯᠬᠦ ᠶᠢᠨ ᠲᠥᠯᠥᠭᠡ᠂ ᠲᠡᠷᠡ ᠰᠢᠳᠦ ᠵᠠᠭᠤᠵᠤ ᠡᠪᠡᠳᠬᠦ ᠪᠠᠨ ᠲᠡᠰᠪᠦᠷᠢᠯᠡᠨ᠂ ᠰᠡᠯᠪᠢᠨ ᠵᠠᠰᠠᠬᠤ ᠪᠦᠯᠭᠦᠮ ᠤᠨ | ᠬᠢᠨ ᠢᠶᠠᠨ ᠳᠠᠭᠠᠭᠤᠯᠤᠨ᠂ ᠬᠠᠮᠢᠭ᠎ᠠ ᠠᠰᠠᠭᠤᠳᠠᠯ ᠭᠠᠷᠪᠠᠯ ᠲᠡᠨᠳᠡ ᠬᠦᠷᠴᠦ ᠪᠠᠶᠢᠪᠠ᠃ ᠲᠡᠷᠡ ᠪᠦᠯᠭᠦᠮ ᠤᠨ ᠬᠢᠨ ᠲᠠᠢ ᠪᠠᠨ 3 ᠵᠢᠯ ᠴᠢᠷᠮᠠᠶᠢᠵᠤ ᠪᠠᠶᠢᠭᠠᠳ ᠶᠡᠭᠡ | ᠰᠠᠶᠢᠨ ᠦᠷ᠎ᠡ ᠪᠦᠲᠦᠮᠵᠢ ᠣᠯᠪᠠ᠄ ᠤᠰᠤ ᠬᠠᠩᠭᠠᠬᠤ ᠬᠤᠭᠤᠯᠠᠢ ᠱᠤᠭᠤᠮ ᠤᠨ ᠭᠡᠮ ᠭᠠᠷᠬᠤ ᠨᠤᠷᠮ᠎ᠠ ᠪᠠᠭᠤᠷᠠᠵᠤ᠂ ᠠᠵᠤ ᠠᠬᠤᠶᠢᠯᠠᠯ ᠪᠣᠯᠣᠨ ᠰᠠᠭᠤᠭᠠᠯᠢ ᠠᠷᠠᠳ | ᠬᠡᠪ ᠢᠶᠠᠷ ᠤᠰᠤ ᠬᠡᠷᠡᠭᠯᠡᠬᠦ ᠪᠣᠯᠪᠠ᠃ | ᠣᠶᠢᠷ᠎ᠠ ᠶᠢᠨ ᠵᠢᠯ ᠠᠴᠠ ᠵᠢᠶᠣᠣ ᠰᠢᠩ ᠯᠢ ᠪᠠᠰᠠ ᠵᠠᠩᠭᠢᠯᠠᠭ᠎ᠠ ᠶᠢᠨ ᠴᠢᠬᠤᠯᠠ ᠲᠤᠨᠤᠭ ᠲᠥᠬᠦᠭᠡᠷᠦᠮᠵᠢ ᠶᠢ ᠰᠡᠯᠪᠢᠨ ᠵᠠᠰᠠᠬᠤ᠂ ᠳᠠᠮᠵᠢᠭᠤᠯᠬᠤ | ᠬᠤᠭᠤᠯᠠᠢ ᠶᠢᠨ ᠲᠥᠬᠦᠭᠡᠷᠦᠮᠵᠢ ᠶᠢ ᠴᠡᠪᠡᠷᠯᠡᠬᠦ᠂ ᠤᠰᠤᠨ ᠤ ᠴᠢᠨᠠᠷ ᠢ ᠪᠠᠶᠢᠴᠠᠭᠠᠨ ᠬᠡᠮᠵᠢᠵᠦ ᠦᠯᠢᠭᠡᠷ ᠠᠪᠬᠤ ᠵᠡᠷᠭᠡ ᠭᠤᠭᠴᠤᠭ᠎ᠠ ᠠᠴᠠ ᠭᠠᠷᠳᠠᠵᠤ᠂ ᠡᠯ᠎ᠡ ᠵᠦᠢᠯ ᠤᠨ | ᠠᠵᠢᠯ ᠤᠨ ᠳᠦᠷᠢᠮ᠂ ᠪᠠᠷᠢᠯᠭ᠎ᠠ ᠶᠢᠨ ᠠᠵᠢᠯ ᠢ ᠱᠠᠯᠠᠪᠳᠠᠨ ᠵᠠᠰᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠲᠣᠭᠤᠷᠢᠨ | ᠪᠠᠶᠢᠴᠠᠭᠠᠵᠤ ᠰᠡᠯᠪᠢᠨ ᠵᠠᠰᠠᠬᠤ ᠠᠵᠢᠯ ᠤᠨ ᠵᠢᠷᠤᠮᠵᠢᠯ ᠪᠠ ᠶᠠᠪᠤᠴᠠ ᠶᠢ ᠲᠠᠰᠤᠷᠠᠯᠳᠠ ᠦᠭᠡᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠬᠤᠭᠤᠯᠠᠢ ᠲᠣᠣᠷ ᠤᠨ | ᠬᠡᠷᠡᠭᠯᠡᠬᠦ ᠵᠢᠯ ᠬᠤᠭᠤᠴᠠᠭ᠎ᠠ ᠪᠣᠯᠣᠨ ᠬᠤᠭᠤᠯᠠᠢ ᠲᠣᠣᠷ ᠤᠨ ᠤᠷᠳᠤ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠠᠮᠤᠷ | ᠲᠦᠪᠰᠢᠨ ᠢ ᠬᠦᠴᠦᠲᠡᠢ ᠪᠠᠲᠤᠯᠠᠪᠠ᠃ 2024 ᠣᠨ ᠳᠤ᠂ ᠵᠢᠶᠣᠣ ᠰᠢᠩ ᠯᠢ ᠬᠠᠮᠲᠤ ᠠᠵᠢᠯᠯᠠᠭᠰᠠᠳ ᠲᠠᠢ ᠪᠠᠨ ᠪᠦᠭᠦ ᠵᠢᠯ ᠳᠤ 700 ᠭᠠᠷᠤᠢ ᠤᠳᠠᠭ᠎ᠠ ᠲᠣᠭᠤᠷᠢᠨ | ᠪᠠᠶᠢᠴᠠᠭᠠᠵᠤ᠂ 108 ᠤᠳᠠᠭ᠎ᠠ ᠦᠯᠢᠭᠡᠷ ᠠᠪᠤᠪᠠ᠃ ᠣᠳᠣᠬᠠᠨ ᠳᠤ᠂ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠤᠰᠤᠨ ᠤ ᠴᠢᠨᠠᠷ ᠨᠢ ᠴᠥᠮ | ᠪᠠᠷᠢᠮᠵᠢᠶ᠎ᠠ ᠳᠤ ᠬᠦᠷᠴᠦ᠂ ᠤᠰᠤ ᠬᠠᠩᠭᠠᠬᠤ ᠦᠷ᠎ᠡ ᠪᠦᠲᠦᠮᠵᠢ ᠨᠢ ᠢᠮᠠᠭᠲᠠ 95% ᠠᠴᠠ ᠳᠡᠭᠡᠭᠰᠢ ᠪᠠᠶᠢᠬᠤ ᠶᠢ ᠪᠠᠲᠤᠯᠠᠪᠠ᠃ | ᠪᠦᠷᠢᠳᠬᠡᠯ ᠢ ᠦᠨᠳᠦᠰᠦᠯᠡᠪᠡᠯ᠂ ᠵᠢᠶᠣᠣ ᠰᠢᠩ ᠯᠢ ᠲᠣᠭᠤᠷᠢᠨ ᠬᠠᠮᠠᠭᠠᠯᠠᠬᠤ ᠪᠦᠭᠦ ᠠᠵᠢᠯᠲᠠᠨ ᠢᠶᠠᠨ ᠳᠠᠭᠠᠭᠤᠯᠤᠨ ᠰᠠᠭᠤᠭᠠᠯᠢ ᠠᠷᠠᠳ ᠤᠨ ᠤᠰᠤᠨ ᠬᠡᠮᠵᠢᠭᠦᠷ ᠢ | 4000 ᠭᠠᠷᠤᠢ ᠡᠷᠦᠭᠡ ︵ᠤᠳᠠᠭ᠎ᠠ︶ ᠰᠡᠯᠪᠢᠨ ᠬᠠᠮᠠᠭᠠᠯᠠᠵᠤ᠂ 300 ᠭᠠᠷᠤᠢ ᠭᠡᠷ ᠤᠨ ᠭᠠᠳᠠᠨᠠᠬᠢ ᠬᠤᠭᠤᠯᠠᠢ ᠶᠢᠨ ᠨᠡᠭᠡᠯᠡᠭᠡᠢ ᠶᠢ ᠰᠡᠯᠪᠢᠨ ᠵᠠᠰᠠᠵᠤ᠂ 200 ᠭᠠᠷᠤᠢ | ᠤᠳᠠᠭ᠎ᠠ ᠬᠤᠭᠤᠯᠠᠢ ᠶᠢ ᠵᠠᠯᠭᠠᠵᠤ᠂ 1000 ᠭᠠᠷᠤᠢ ᠤᠳᠠᠭ᠎ᠠ ᠤᠰᠤᠨ ᠬᠤᠳᠳᠤᠭ ᠢ ᠴᠡᠪᠡᠷᠯᠡᠵᠦ᠂ ᠡᠳᠦᠷ ᠳᠤᠮᠳᠠᠴᠢ ᠪᠠᠷ 120 ᠭᠠᠷᠤᠢ ᠺᠢᠯᠣᠮᠧᠲᠷ ᠲᠣᠭᠤᠷᠢᠨ | ᠪᠠᠶᠢᠴᠠᠭᠠᠵᠤ᠂ ᠵᠢᠯ ᠪᠦᠷᠢ 800 ᠭᠠᠷᠤᠢ ᠤᠳᠠᠭ᠎ᠠ ᠲᠣᠭᠤᠷᠢᠨ ᠪᠠᠶᠢᠴᠠᠭᠠᠵᠠᠢ᠃ ᠡᠳᠦᠭᠡ᠂ ᠲᠡᠷᠡ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠬᠤᠭᠤᠯᠠᠢ | ᠱᠤᠭᠤᠮ ᠢ ᠠᠯᠠᠭᠠᠨ ᠤ ᠪᠠᠨ ᠵᠢᠷᠤᠭᠠᠰᠤ ᠰᠢᠭ᠋ ᠴᠡᠭᠡᠵᠢᠯᠡᠵᠦ᠂ ᠡᠯ᠎ᠡ ᠵᠦᠢᠯ ᠤᠨ ᠮᠠᠲ᠋ᠧᠷᠢᠶᠠᠯ ᠨᠢ ᠲᠡᠭᠦᠨ ᠤ ᠲᠠᠷᠢᠬᠢᠨ ᠳᠤ ︽ᠭᠤᠷᠪᠠᠨ ᠬᠡᠮᠵᠢᠯᠲᠦ ᠵᠢᠷᠤᠭ︾ ᠪᠣᠯᠵᠤ᠂ | ᠡᠯ᠎ᠡ ᠨᠡᠭᠡᠯᠡᠭᠡᠢ ᠶᠢᠨ ᠣᠷᠣᠨ ᠪᠠᠶᠢᠷᠢ ᠶᠢ ᠣᠨᠣᠪᠴᠢᠲᠠᠶ ᠲᠣᠭᠲᠠᠭᠠᠵᠤ ᠴᠢᠳᠠᠬᠤ ᠪᠣᠯᠵᠠᠢ᠃ | ᠰᠠᠶᠢᠨ ᠦᠨᠡᠯᠡᠯᠲᠡ ᠶᠢ ᠪᠣᠯ ᠬᠢᠵᠦ ᠪᠠᠶᠢᠭᠠᠳ ᠣᠯᠣᠭᠰᠠᠨ ᠶᠤᠮ᠃ 16 ᠵᠢᠯ ᠢ ᠨᠢᠭᠡ ᠯᠡ ᠡᠳᠦᠷ ᠮᠡᠲᠦ ᠪᠠᠷ ᠡᠮᠦᠨ᠎ᠡ ᠹᠷᠣᠨᠲ ᠢ ᠪᠠᠲᠤ ᠰᠠᠬᠢᠵᠤ᠂ | ᠡᠭᠦᠷᠭᠡ ᠪᠠᠨ ᠲᠤᠭ᠎ᠠ ᠶᠣᠰᠣᠭᠠᠷ ᠴᠢᠨᠠᠷ ᠰᠠᠶᠢᠲᠠᠢ ᠪᠡᠶᠡᠯᠡᠭᠦᠯᠵᠦ᠂ ᠵᠢᠶᠣᠣ ᠰᠢᠩ ᠯᠢ ᠬᠡᠷᠡᠭᠯᠡᠭᠴᠢ ᠪᠣᠯᠣᠨ ᠬᠠᠮᠲᠤ ᠠᠵᠢᠯᠯᠠᠭᠰᠠᠳ ᠤᠨ ᠢᠶᠠᠨ ᠨᠡᠶᠢᠳᠡᠮ ᠤᠨ | ᠬᠦᠷᠢᠶᠡᠯᠡᠯ ᠢ ᠣᠯᠪᠠ᠃ | ︽ᠵᠢᠶᠣᠣ ᠪᠠᠭᠰᠢ ᠠᠵᠢᠯ ᠬᠢᠬᠦ ᠳᠡᠭᠡᠨ ᠨᠠᠷᠢᠨ ᠬᠢᠨᠠᠮᠠᠭᠠᠢ᠂ ᠬᠠᠯᠠᠭᠤᠮᠰᠤᠭ᠂ ᠶᠠᠮᠠᠷ ᠠᠰᠠᠭᠤᠳᠠᠯ ᠪᠠᠶᠢᠪᠠᠯ ᠳᠠᠭᠤᠳᠠᠮᠠᠭᠴᠠ ᠢᠷᠡᠵᠤ᠂ ᠳᠠᠷᠤᠶᠢᠬᠠᠨ | ᠰᠢᠢᠳᠪᠦᠷᠢᠯᠡᠵᠦ ᠥᠭᠳᠡᠭ︾ ᠭᠡᠵᠦ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠠᠭᠤᠭᠠᠯᠢ ᠠᠷᠠᠳ ᠵᠠᠩ ᠬᠠᠢ ᠶᠠᠨ ᠬᠡᠯᠡᠪᠡ᠃ | ︽ᠵᠢᠶᠣᠣ ᠬᠡᠯᠲᠡᠰ ᠤᠨ ᠳᠠᠷᠤᠭ᠎ᠠ ᠪᠣᠯ ᠪᠢᠳᠡᠨ ᠤ ᠰᠤᠷᠤᠯᠴᠠᠬᠤ ᠳᠠᠭᠤᠷᠢᠶᠠᠯ ᠮᠥᠨ᠂ ᠤᠳᠠᠭ᠎ᠠ ᠪᠦᠷᠢ ᠲᠡᠭᠦᠨ ᠲᠠᠢ ᠬᠠᠮᠲᠤ ᠰᠡᠯᠪᠢᠨ ᠵᠠᠰᠠᠬᠤ ᠳᠤ ᠴᠥᠮ | ᠲᠡᠭᠦᠨ ᠤ ᠪᠡᠶ᠎ᠡ ᠳᠡᠭᠡᠷ᠎ᠡ ᠠᠴᠠ ᠡᠷᠡᠮᠡᠬᠡᠶᠢᠯᠡᠨ ᠤᠷᠤᠭᠰᠢᠯᠠᠬᠤ ᠵᠣᠷᠢᠭ ᠰᠠᠨᠠᠭ᠎ᠠ᠂ ᠰᠡᠯᠪᠢᠨ ᠵᠠᠰᠠᠬᠤ ᠮᠡᠳᠡᠯᠭᠡ ᠶᠢ ᠰᠤᠷᠳᠠᠭ︾ ᠭᠡᠵᠦ ᠬᠠᠮᠲᠤ ᠠᠵᠢᠯᠯᠠᠭᠴᠢ ᠯᠢᠦ ᠹᠧᠩ | ᠭᠤᠸᠠᠩ ᠬᠡᠯᠡᠪᠡ᠃ | 16 ᠵᠢᠯ ᠤᠨ ᠲᠤᠷᠰᠢ᠂ ᠵᠢᠶᠣᠣ ᠰᠢᠩ ᠯᠢ ᠶᠠᠭ ᠯᠠ ᠪᠠᠲᠤ ᠪᠠᠬᠢ ᠡᠷᠭᠢ ᠱᠤᠷᠠᠭ ᠰᠢᠭ᠋ ᠢᠶᠠᠷ ᠡᠩ ᠤᠨ ᠤᠰᠤ ᠬᠠᠩᠭᠠᠬᠤ ᠠᠵᠢᠯ ᠤᠨ ᠪᠠᠶᠢᠷᠢ ᠪᠠᠨ ᠪᠠᠲᠤ | ᠰᠠᠬᠢᠵᠤ᠂ ᠪᠠᠷᠢᠮᠲᠠᠯᠠᠯ ᠪᠠ ᠴᠢᠷᠮᠠᠶᠢᠯᠭ᠎ᠠ ᠪᠠᠷ ᠢᠶᠠᠨ ᠶᠡᠷᠦ ᠪᠤᠰᠤ ᠶᠢᠨ ᠥᠯᠢᠭᠡᠷ ᠢ ᠪᠢᠴᠢᠭᠯᠡᠵᠦ᠂ ᠠᠵᠢᠯ ᠦᠢᠯᠡᠰ ᠢᠶᠠᠨ ᠳᠡᠭᠡᠳᠦᠯᠡᠬᠦ ᠪᠣᠳᠠᠲᠤ ᠠᠵᠢᠯᠯᠠᠭ᠎ᠠ ᠪᠠᠷ ᠢᠶᠠᠨ | ᠰᠢᠨ᠎ᠡ ᠴᠠᠭ ᠦᠶ᠎ᠡ ᠶᠢᠨ ᠤᠰᠤᠨ ᠤ ᠶᠠᠪᠤᠳᠠᠯ ᠤᠨ ᠠᠵᠢᠯᠲᠠᠨ ᠤ ᠲᠠᠩᠭᠠᠷᠢᠭ ᠢ ᠦᠢᠯᠡᠳᠦᠯᠭᠡᠵᠢᠭᠦᠯᠵᠦ ᠪᠠᠶᠢᠨ᠎ᠠ᠃ 2013 ᠣᠨ ᠳᠤ᠂ ᠵᠢᠶᠣᠣ ᠰᠢᠩ ᠯᠢ ᠪᠦᠭᠦ | ᠤᠯᠤᠰ ᠤᠨ ︽5·1︾ ᠤ ᠭᠦᠳᠡᠯᠮᠦᠷᠢ ᠶᠢᠨ ᠱᠠᠩᠨᠠᠯ ᠬᠦᠷᠲᠡᠵᠦ᠂ ᠡᠨᠡ ᠵᠢᠯ ᠤᠨ ︽5·1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃ | ︽ᠬᠤᠶᠢᠰᠢᠳᠠ ᠪᠢ ᠪᠠᠰᠠ ᠥᠩᠭᠡᠷᠡᠭᠰᠡᠨ ᠲᠠᠢ ᠪᠠᠨ ᠠᠳᠠᠯᠢ ᠪᠠᠷ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠥᠪᠡᠷ ᠤᠨ ᠮᠡᠷᠭᠡᠵᠢᠯ ᠤᠨ ᠴᠢᠳᠠᠪᠤᠷᠢ ᠪᠠᠷ ᠢᠶᠠᠨ | ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠨ᠎ᠠ᠃ ᠤᠯᠠᠮᠵᠢᠯᠠᠬᠤ ᠬᠠᠪᠰᠤᠷᠬᠤ ᠳᠠᠭᠠᠭᠤᠯᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠯᠠᠪᠳᠠᠭᠤᠨ ᠪᠠᠲᠤᠲᠠᠢ ᠠᠵᠢᠯᠯᠠᠬᠤ᠂ ᠮᠡᠷᠭᠡᠵᠢᠯ ᠳᠡᠭᠡᠨ ᠴᠠᠭᠠᠷᠠᠭᠰᠠᠨ ᠰᠡᠯᠪᠢᠨ ᠵᠠᠰᠠᠬᠤ ᠠᠵᠢᠯᠲᠠᠨ ᠢ ᠢᠯᠡᠭᠦᠬᠡᠨ ᠬᠥᠮᠥᠵᠢᠭᠦᠯᠵᠦ᠂ | ᠤᠰᠤᠨ ᠤ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠵᠢᠶᠣᠣ ᠰᠢᠩ ᠯᠢ ᠬᠡᠯᠡᠪᠡ᠃ | |