ᠨᠡᠭᠦᠷᠡᠰᠦᠨ ᠠᠭᠤᠷᠬᠠᠢ ᠳᠤ ᠰᠢᠨ᠎ᠡ ᠶᠢ ᠡᠭᠦᠳᠦᠭᠰᠡᠨ ᠬᠤᠰᠢᠭᠤᠴᠢ — ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠫᠢᠩ ᠵᠤᠸᠠᠩ ᠨᠡᠭᠦᠷᠡᠰᠦᠨ ᠤ ᠦᠢᠯᠡᠰ ᠤᠨ ᠺᠤᠮᠫᠠᠨᠢ ᠶᠢᠨ ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠩᠭᠢ ᠶᠢᠨ ᠳᠠᠷᠤᠭ᠎ᠠ ᠢᠦᠢ ᠴᠠᠩ ᠵᠧᠩ ᠢ ᠲᠡᠮᠳᠡᠭᠯᠡᠪᠡ
ᠨᠡᠶᠢᠲᠡᠯᠡᠭᠰᠡᠨ ᠴᠠᠭ᠄
2025/5/16
       4 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠫᠢᠩ ᠵᠤᠸᠠᠩ ᠨᠡᠭᠦᠷᠡᠰᠦᠨ ᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠤᠮᠫᠠᠨᠢ ᠶᠢᠨ ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠳᠤ ᠭᠤᠮ ᠪᠦᠰᠡᠲᠦ ᠮᠠᠰᠢᠨ ᠲᠠᠰᠤᠷᠠᠯᠳᠠ ᠦᠭᠡᠢ ᠨᠡᠭᠦᠷᠡᠰᠦ ᠵᠥᠭᠡᠭᠡᠪᠦᠷᠢᠯᠡᠵᠦ᠂ ᠴᠠᠭᠢᠯᠭᠠᠨ ᠮᠠᠰᠢᠨ ᠤ ᠳᠠᠭᠤᠨ ᠴᠢᠬᠢ ᠳᠣᠷᠭᠢᠭᠤᠯᠵᠤ ᠬᠤᠯᠠ ᠠᠴᠠ ᠬᠦᠩᠭᠢᠨᠡᠨ ᠰᠣᠨᠣᠰᠳᠠᠵᠤ ᠪᠠᠶᠢᠯ᠎ᠠ᠃ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠵᠠᠰᠠᠬᠤ ᠠᠩᠭᠢ ᠶᠢᠨ ᠳᠠᠷᠤᠭ᠎ᠠ ᠢᠦᠢ ᠴᠠᠩ ᠵᠧᠩ ᠬᠠᠯᠢᠪ ᠢᠶᠠᠨ ᠭᠤᠮ ᠪᠦᠰᠡᠲᠦ ᠮᠠᠰᠢᠨ ᠲᠠᠢ ᠨᠠᠭᠠᠯᠳᠤᠭᠤᠯᠵᠤ᠂ ᠴᠢᠬᠢ ᠪᠠᠨ ᠣᠶᠢᠷᠠᠲᠤᠭᠤᠯᠤᠨ ᠮᠠᠰᠢᠨ ᠮᠧᠬᠠᠨᠢᠭ ᠤᠨ ᠲᠠᠭᠤ ᠶᠢ ᠴᠢᠩᠨᠠᠨ᠎ᠠ᠃ ︽ᠭᠤᠮ ᠪᠦᠰᠡᠲᠦ ᠮᠠᠰᠢᠨ ᠤ ᠬᠦᠩᠭᠢᠨᠡᠬᠦ ᠳᠠᠭᠤᠨ ᠮᠠᠰᠢᠨ ᠬᠡᠪ ᠤᠨ ᠪᠠᠶᠢᠨ᠎ᠠ︾ ᠭᠡᠵᠦ ᠲᠡᠷᠡ ᠬᠡᠯᠡᠬᠦ ᠶᠢᠨ ᠳᠠᠭᠠᠤ ᠲᠡᠮᠳᠡᠭᠯᠡᠨ᠎ᠡ᠃ ᠡᠨᠡ ᠪᠣᠯ ᠳᠠᠷᠤᠢ ᠢᠦᠢ ᠴᠠᠩ ᠵᠧᠩ ᠤᠨ ᠡᠳᠦᠷ ᠲᠤᠲᠤᠮ ᠤᠨ ᠠᠵᠢᠯ ᠪᠣᠯᠣᠨ᠎ᠠ᠃       1993 ᠣᠨ ᠳᠤ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠢᠦᠢ ᠴᠠᠩ ᠵᠧᠩ ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠳᠤ ᠬᠤᠪᠢᠶᠠᠭᠳᠠᠨ ᠴᠠᠭᠢᠯᠭᠠᠨ ᠲᠤᠨᠤᠭ ᠲᠥᠬᠦᠭᠡᠷᠦᠮᠵᠢ ᠰᠡᠯᠪᠢᠨ ᠵᠠᠰᠠᠬᠤ ᠠᠵᠢᠯ ᠬᠢᠪᠡ᠃ ᠲᠤᠬᠠᠢ ᠶᠢᠨ ᠦᠶ᠎ᠡ ᠳᠤ ᠲᠣᠰ ᠠᠭᠤᠷᠬᠠᠢ ᠪᠦᠭᠦ ᠤᠯᠤᠰ ᠤᠨ ᠬᠠᠮᠤᠭ ᠤᠨ ᠶᠡᠭᠡ ᠦᠷᠭᠦᠯᠵᠢᠯᠡᠭᠰᠡᠨ ᠮᠠᠯᠲᠠᠵᠤ ᠭᠠᠳᠠᠭᠰᠢᠯᠠᠭᠤᠯᠬᠤ ᠰᠢᠰᠲ᠋ᠧᠮ ᠲᠠᠢ ᠪᠠᠶᠢᠵᠤ᠂ ᠲᠡᠭᠦᠨ ᠤ ᠭᠤᠣᠯ ᠲᠤᠨᠤᠭ ᠲᠥᠬᠦᠭᠡᠷᠦᠮᠵᠢ ᠪᠤᠯᠬᠤ ᠬᠦᠷᠳᠦᠲᠦ ᠤᠬᠤᠭᠤᠷ ᠮᠠᠰᠢᠨ  ᠨᠢ ᠲᠤᠬᠠᠢ ᠶᠢᠨ ᠦᠶ᠎ᠡ ᠳᠤ ᠠᠭᠤᠷᠬᠠᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠵᠠᠩᠭᠢᠯᠠᠭ᠎ᠠ ᠶᠢᠨ ᠲᠥᠬᠦᠭᠡᠷᠦᠮᠵᠢ ᠪᠣᠯᠵᠤ ᠪᠠᠶᠢᠪᠠ᠃       ᠲᠤᠬᠠᠢ ᠶᠢᠨ ᠦᠶ᠎ᠡ ᠳᠤ 30 ᠭᠠᠷᠤᠢ ᠮᠧᠲᠷ ᠥᠨᠳᠥᠷ ᠪᠦᠬᠦᠢ ᠬᠦᠷᠳᠦᠲᠦ ᠤᠬᠤᠭᠤᠷ ᠮᠠᠰᠢᠨ ᠢ ᠠᠵᠢᠯᠴᠢᠨ ᠤ ᠭᠠᠷ ᠢᠶᠠᠷ ᠢᠶᠠᠨ ᠡᠷᠭᠢᠭᠦᠯᠵᠦ ᠵᠢᠯᠣᠭᠤᠳᠤᠨ ᠨᠡᠭᠦᠷᠡᠰᠦ ᠶᠢ ᠠᠷᠪᠠᠨ ᠬᠡᠳᠦᠨ ᠭᠠᠵᠠᠷ ᠦᠷᠭᠦᠯᠵᠢᠯᠡᠭᠰᠡᠨ ᠭᠤᠮ ᠪᠦᠰᠡᠨ ᠳᠡᠭᠡᠷ᠎ᠡ ᠲᠠᠰᠤᠷᠠᠯᠲᠠ ᠦᠭᠡᠢ ᠵᠥᠭᠡᠭᠡᠪᠦᠷᠢᠯᠡᠨ ᠬᠦᠷᠭᠡᠵᠦ ᠪᠠᠶᠢᠬᠤ ᠶᠢ ᠦᠵᠡᠭᠡᠳ᠂ ᠢᠦᠢ ᠴᠠᠩ ᠵᠧᠩ ᠶᠡᠬᠡᠳᠡ ᠭᠠᠶᠢᠬᠠᠪᠠ᠂ ᠲᠡᠷᠡ᠄ ︽ᠪᠢ ᠲᠤᠬᠠᠢ ᠶᠢᠨ ᠦᠶ᠎ᠡ ᠳᠤ ᠡᠨᠡ ᠬᠦ ᠮᠠᠰᠢᠨ ᠢ ᠵᠠᠪᠠᠯ ᠰᠠᠶᠢᠲᠤᠷ ᠣᠶᠢᠯᠠᠭᠠᠬᠤ ᠪᠠᠷ ᠰᠡᠮᠡᠭᠡᠷ ᠵᠣᠷᠢᠭ ᠰᠢᠭᠤᠳᠤᠭᠰᠠᠨ︾ ᠭᠡᠪᠡ᠃       ᠲᠠᠶᠢᠮᠦ ᠰᠠᠶᠢᠨ ᠰᠤᠷᠭᠠᠭᠤᠯᠢ ᠳᠤ ᠰᠤᠷᠤᠯᠴᠠᠵᠤ ᠥᠩᠭᠡᠷᠡᠭᠰᠡᠨ ᠦᠭᠡᠢ ᠭᠡᠵᠦ ᠪᠤᠳᠤᠳᠠᠭ ᠢᠦᠢ ᠴᠠᠩ ᠵᠧᠩ ︽ᠰᠢᠷᠭᠤᠯᠵᠢ ᠶᠠᠰᠤ ᠬᠡᠮᠡᠯᠢᠬᠦ︾ ᠮᠠᠶ᠋ᠢᠭ ᠤᠨ ᠦᠰᠦᠨ ᠪᠣᠶᠢᠵᠢᠬᠤ ᠶᠠᠪᠤᠴᠠ ᠪᠠᠨ ᠡᠬᠢᠯᠡᠭᠦᠯᠵᠦ᠂ ᠲᠣᠨᠤᠭ ᠲᠥᠬᠦᠭᠡᠷᠦᠮᠵᠢ ᠶᠢᠨ ᠤᠭ ᠶᠣᠰᠣ ᠶᠢ ᠨᠠᠷᠢᠨ ᠬᠢᠨᠠᠮᠠᠭᠠᠢ ᠰᠤᠳᠤᠯᠵᠤ᠂ ᠴᠠᠭᠢᠯᠭᠠᠨ ᠬᠡᠯᠬᠢᠶ᠎ᠡ ᠶᠢᠨ ᠵᠢᠷᠤᠭ ᠵᠢᠷᠤᠵᠤ᠂ ᠲᠤᠰᠬᠠᠢ ᠮᠡᠷᠭᠡᠵᠢᠯ ᠤᠨ ᠨᠣᠮ ᠪᠢᠴᠢᠭ ᠢ ᠰᠤᠳᠤᠯᠤᠨ ᠤᠩᠰᠢᠵᠤ᠂ ᠠᠯᠬᠤᠮ ᠠᠯᠬᠤᠮ ᠢᠶᠠᠷ ᠴᠠᠭᠢᠯᠭᠠᠨ ᠲᠤᠨᠤᠭ ᠲᠥᠬᠦᠭᠡᠷᠦᠮᠵᠢ ᠰᠡᠯᠪᠢᠨ ᠵᠠᠰᠠᠬᠤ ᠭᠤᠣᠯᠯᠠᠭᠴᠢ ᠬᠦᠴᠦᠨ ᠪᠣᠯᠤᠭᠰᠠᠨ ᠪᠠᠶᠢᠨ᠎ᠠ᠃       2008 ᠣᠨ ᠠᠴᠠ ᠡᠬᠢᠯᠡᠨ ᠢᠦᠢ ᠴᠠᠩ ᠵᠧᠩ ᠲᠢᠶᠠᠨᠵᠢᠨ ᠤ ᠴᠠᠭᠢᠯᠭᠠᠨ ᠳᠠᠮᠵᠢᠭᠤᠯᠭ᠎ᠠ ᠶᠢᠨ ᠰᠤᠳᠤᠯᠭᠠᠨ ᠤ ᠬᠦᠷᠢᠶᠡᠯᠡᠩ᠂ ᠲᠢᠶᠠᠨᠵᠢᠨ ᠤ ᠴᠠᠭᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠤᠮᠫᠠᠨᠢ ᠵᠡᠷᠭᠡ ᠨᠢᠭᠡᠴᠢ ᠲᠠᠢ ᠣᠯᠠᠨ ᠤᠳᠠᠭ᠎ᠠ ᠬᠠᠮᠲᠤᠷᠠᠯᠴᠠᠨ᠂ 31 ᠭᠤᠮ ᠪᠦᠰᠡᠲᠦ ᠮᠠᠰᠢᠨ ᠤ ᠴᠠᠭᠢᠯᠭᠠᠨ ᠲᠣᠬᠢᠷᠠᠭᠤᠯᠬᠤ ᠥᠷᠲᠡᠭᠡ᠂ 3 ᠬᠡᠮᠬᠡᠯᠬᠦ ᠥᠷᠲᠡᠭᠡ ᠶᠢᠨ ᠡᠵᠡᠮᠰᠢᠯ ᠤᠨ ᠰᠢᠰᠲ᠋ᠧᠮ ᠢ ᠲᠠᠰ ᠳᠡᠪᠰᠢᠭᠦᠯᠦᠨ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ 1 ᠳ᠋ᠦ᠋ᠭᠡᠷ ᠨᠣᠮᠧᠷᠲᠤ ᠬᠦᠷᠳᠦᠲᠦ ᠮᠠᠰᠢᠨ᠂ 2 ᠳ᠋ᠤᠭᠠᠷ ᠨᠣᠮᠧᠷᠲᠤ ᠬᠦᠷᠳᠦᠲᠦ ᠤᠬᠤᠭᠤᠷ ᠮᠠᠰᠢᠨ ᠢ ᠲᠠᠰ ᠳᠡᠪᠰᠢᠭᠦᠯᠦᠨ ᠰᠠᠶᠢᠵᠢᠷᠠᠭᠤᠯᠪᠠ᠃ ᠨᠠᠩ ᠮᠠᠭᠲᠠᠭᠤᠰᠢᠲᠠᠢ ᠨᠢ ᠭᠡᠪᠡᠯ᠂ ᠲᠡᠷᠡ 1200 kw ᠤᠨ ᠲᠣᠭᠲᠠᠮᠠᠯ ᠰᠣᠷᠢᠨᠵᠢᠨ ᠥᠩᠬᠦᠷᠢᠭᠦᠯ ᠳᠡᠭᠡᠷ᠎ᠡ ᠥᠨᠳᠥᠷ ᠳᠠᠷᠤᠯᠲᠠᠲᠤ ᠳᠠᠪᠲᠠᠮᠵᠢ ᠬᠤᠪᠢᠰᠬᠠᠭᠤᠷ ᠨᠡᠮᠡᠭᠡᠳ ᠴᠢᠮᠡᠭᠡ ᠬᠤᠯᠪᠣᠭᠠᠨ ᠤ ᠬᠠᠷᠰᠢᠯᠠᠯ ᠤᠨ ᠮᠡᠷᠭᠡᠵᠢᠯ ᠤᠨ ᠪᠡᠷᠬᠡ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠡᠢ᠃       ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠳᠡᠳ᠋ ᠳᠠᠭᠠᠭᠠᠮᠠᠯ ᠰᠢᠶᠧ ᠶᠢᠨ ᠯᠦᠩ᠄ ︽ᠢᠦᠢ ᠴᠠᠩ ᠵᠧᠩ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ ᠰᠠᠶᠢᠵᠢᠷᠠᠭᠤᠯᠤᠭᠰᠠᠨ ᠤ ᠳᠠᠷᠠᠭ᠎ᠠ᠂ ᠮᠠᠰᠢᠨ ᠤ ᠡᠪᠳᠡᠷᠡᠬᠦ  ᠨᠢ ᠴᠥᠭᠡᠷᠡᠭᠰᠡᠨ ᠪᠥᠭᠡᠳ ᠡᠪᠳᠡᠷᠡᠭᠰᠡᠨ ᠴᠦ ᠤᠳᠠᠭᠰᠠᠨ ᠦᠭᠡᠢ ᠵᠠᠰᠠᠵᠤ᠂ ᠲᠣᠨᠤᠭ ᠲᠥᠬᠦᠭᠡᠷᠦᠮᠵᠢ ᠶᠢᠨ ᠬᠦᠨᠳᠦ ᠠᠴᠢᠶᠠᠯᠠᠯ ᠠᠴᠠ ᠪᠣᠯᠤᠭᠰᠠᠨ ᠭᠤᠮ ᠪᠦᠰᠡ ᠶᠢᠨ ᠵᠠᠯᠭᠠᠭᠠᠰᠤ ᠬᠠᠭᠠᠷᠠᠬᠤ᠂ ᠡᠯᠡᠭᠳᠡᠬᠦ ᠵᠡᠷᠭᠡ ᠠᠯᠢ ᠣᠯᠠᠨ ᠠᠰᠠᠭᠤᠳᠠᠯ ᠪᠠᠭᠠᠰᠴᠤ᠂ ᠵᠢᠯ ᠪᠦᠷᠢ ᠠᠵᠤ ᠠᠬᠤᠶᠢᠯᠠᠯ ᠳᠤ 2000 ᠭᠠᠷᠤᠢ ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠵᠠᠢ︾ ᠭᠡᠵᠦ ᠲᠠᠨᠢᠯᠴᠠᠭᠤᠯᠪᠠ᠃       2018 ᠣᠨ ᠳᠤ ᠬᠤᠶᠠᠳᠤᠭᠠᠷ ᠳᠡᠰ ᠤᠨ ᠬᠡᠮᠬᠡᠯᠬᠦ ᠥᠷᠲᠡᠭᠡ ᠪᠣᠯᠣᠨ ᠭᠤᠮ ᠪᠦᠰᠡᠲᠦ ᠮᠠᠰᠢᠨ 311 ᠨᠣᠮᠧᠷᠲᠤ ᠪᠠ 321 ᠨᠣᠮᠧᠷᠲᠤ ᠴᠢᠮᠡᠭᠡ ᠬᠤᠯᠪᠣᠭᠠᠨ ᠤ ᠵᠠᠯᠭᠠᠯᠲᠠ ᠳᠤ ᠦᠷᠭᠦᠯᠵᠢ ᠮᠠᠰᠢᠨ ᠵᠣᠬᠰᠣᠬᠤ ᠦᠵᠡᠭᠳᠡᠯ ᠭᠠᠷᠴᠤ᠂ ᠢᠦᠢ ᠴᠠᠩ ᠵᠧᠩ ᠬᠤᠪᠢᠰᠤᠮᠠᠯ ᠭᠦᠶᠦᠳᠡᠯᠲᠦ ᠴᠠᠭᠢᠯᠭᠠᠨ ᠡᠭᠦᠰᠬᠡᠭᠴᠢ ᠶᠢ ᠲᠣᠭᠲᠠᠮᠠᠯ ᠭᠦᠶᠦᠳᠡᠯᠲᠦ ᠴᠠᠭᠢᠯᠭᠠᠨ ᠡᠭᠦᠰᠬᠡᠭᠴᠢ ᠪᠤᠯᠭᠠᠵᠤ᠂ ᠤᠤᠯ ᠤᠨ ᠲᠠᠲᠠᠬᠳᠠᠭᠤᠷ ᠪᠠ ᠴᠠᠭᠢᠯᠭᠠᠨ ᠤᠲᠠᠰᠤᠨ ᠤ ᠵᠠᠯᠭᠠᠯᠲᠠ ᠶᠢᠨ ᠳᠠᠮᠵᠢᠭᠤᠯᠭ᠎ᠠ ᠶᠢᠨ ᠳᠣᠬᠢᠶ᠎ᠠ ᠶᠢ PLC ᠫᠷᠣᠭ᠍ᠷᠠᠮ ᠪᠠ ᠭᠡᠷᠡᠯ ᠰᠢᠷᠬᠡᠭ ᠤᠨ ᠵᠠᠯᠭᠠᠯᠲᠠ ᠶᠢᠨ ᠳᠣᠭᠢᠶᠠᠨ ᠤ ᠳᠠᠮᠵᠢᠭᠤᠯᠭ᠎ᠠ ᠪᠣᠯᠭᠠᠨ ᠥᠭᠡᠷᠡᠴᠢᠯᠡᠭᠰᠡᠨ ᠢᠶᠠᠷ ᠪᠠᠶᠢᠨ ᠳᠠᠭᠢᠨ ᠭᠠᠷᠳᠠᠭ ᠲᠤᠰ ᠠᠰᠠᠭᠤᠳᠠᠯ ᠢ ᠲᠣᠬᠢᠲᠠᠢ ᠰᠢᠢᠳᠪᠦᠷᠢᠯᠡᠪᠡ᠃       ︽ᠲᠥᠬᠦᠭᠡᠷᠦᠮᠵᠢ ᠳᠤ ᠠᠰᠠᠭᠤᠳᠠᠯ ᠭᠠᠷᠤᠮᠠᠭᠴᠠ᠂ ᠲᠣᠬᠢᠷᠠᠭᠤᠯᠬᠤ ᠲᠠᠰᠤᠭ ᠠᠴᠠ ᠠᠰᠠᠭᠤᠳᠠᠯ ᠭᠠᠷᠤᠭᠰᠠᠨ ᠰᠢᠯᠲᠠᠭᠠᠨ ᠵᠢᠴᠢ ᠡᠷᠢᠬᠦ ᠴᠢᠬᠤᠯᠠᠲᠠᠢ ᠲᠤᠨᠤᠭ ᠰᠡᠯᠪᠢᠭ ᠤᠨ ᠨᠣᠮᠧᠷ ᠢ ᠲᠣᠳᠣᠷᠬᠠᠢ ᠢᠯᠡᠷᠡᠭᠦᠯᠵᠦ ᠴᠢᠳᠠᠨ᠎ᠠ︾ ᠭᠡᠵᠦ ᠢᠦᠢ ᠴᠠᠩ ᠵᠧᠩ ᠬᠡᠯᠡᠪᠡ᠃       2018 ᠣᠨ ᠳᠤ 316 ᠨᠣᠮᠧᠷᠲᠤ ᠭᠤᠮ ᠪᠦᠰᠡ ᠶᠢᠨ ᠳᠤᠮᠳᠠ ᠬᠡᠰᠡᠭ ᠤᠨ ᠬᠦᠨᠳᠦ ᠠᠯᠤᠬ᠎ᠠ ᠬᠠᠵᠠᠶᠢᠵᠤ᠂ ᠲᠥᠬᠦᠭᠡᠷᠦᠮᠵᠢ ᠶᠢᠨ ᠠᠮᠤᠷ ᠲᠦᠪᠰᠢᠨ᠂ ᠬᠡᠪ ᠤᠨ ᠶᠣᠰᠣᠭᠠᠷ ᠠᠵᠢᠯᠯᠠᠬᠤ ᠶᠢ ᠬᠦᠨᠳᠦ ᠨᠣᠴᠢᠲᠠᠢ ᠨᠥᠯᠥᠭᠡᠯᠡᠪᠡ᠃ ᠪᠦᠰᠡ ᠶᠢ ᠡᠷᠭᠢᠯᠳᠦᠭᠦᠯᠬᠦ ᠮᠠᠰᠢᠨ ᠳᠤᠨᠢ ᠨᠡᠭᠦᠷᠡᠰᠦ ᠨᠠᠭᠠᠯᠳᠤᠬᠤ᠂ ᠥᠩᠬᠦᠷᠢᠭᠦᠯ ᠲᠦᠡᠭᠰᠠ ᠶᠢ ᠪᠣᠭᠤᠭᠰᠠᠨ ᠨᠠᠭᠠᠯᠲᠠ  ᠨᠢ ᠵᠢᠭᠳᠡ ᠪᠤᠰᠤ ᠵᠢᠴᠢ ᠨᠡᠭᠦᠷᠡᠰᠦ ᠪᠠᠨ ᠪᠠᠭᠤᠯᠭᠠᠬᠤ ᠴᠡᠭ ᠨᠢ ᠰᠢᠯᠵᠢᠭᠰᠡᠨ ᠨᠢ ᠭᠤᠣᠯ ᠰᠢᠯᠲᠠᠭᠠᠨ ᠪᠤᠯᠬᠤ ᠶᠢ ᠢᠦᠢ ᠴᠠᠩ ᠵᠧᠩ ᠢᠯᠡᠷᠡᠭᠦᠯᠪᠡ᠃       ᠲᠡᠷᠡ ᠲᠤᠬᠠᠢ ᠶᠢᠨ ᠭᠠᠵᠠᠷ ᠲᠤᠨᠢ ᠰᠢᠯᠭᠠᠨ ᠪᠠᠶᠢᠴᠠᠭᠠᠬᠤ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ ᠳᠠᠮᠵᠢᠨ᠂ ᠡᠴᠦᠰ ᠲᠡᠭᠡᠨ ᠬᠡᠰᠡᠭ ᠬᠤᠪᠢᠶᠠᠭᠰᠠᠨ ᠮᠠᠶ᠋ᠢᠭ ᠤᠨ ᠬᠢᠨᠠᠨ ᠬᠡᠮᠵᠢᠬᠦ ᠲᠥᠰᠥᠯ ᠢ ᠬᠡᠷᠡᠭᠯᠡᠵᠦ᠂ ᠭᠤᠮ ᠪᠦᠰᠡ ᠶᠢᠨ ᠳᠤᠮᠳᠠ ᠬᠡᠰᠡᠭ ᠤᠨ ᠬᠦᠨᠳᠦ ᠠᠯᠤᠬ᠎ᠠ ᠶᠢᠨ ᠣᠷᠣᠨ ᠤ ᠬᠤᠶᠠᠷ ᠬᠠᠵᠠᠭᠤ ᠪᠠᠷ ᠭᠦᠶᠦᠯᠲᠡ ᠶᠢᠨ ᠨᠡᠭᠡᠯᠡᠭᠡᠢ ᠨᠡᠮᠡᠨ ᠤᠭᠰᠠᠷᠠᠵᠤ᠂ ᠭᠤᠮ ᠪᠦᠰᠡ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ ᠪᠠᠷ ᠳᠤᠷᠠᠳᠴᠠᠢ᠃       ︽ᠭᠤᠮ ᠪᠦᠰᠡ ᠬᠠᠵᠠᠶᠢᠬᠤ ᠦᠵᠡᠭᠳᠡᠯ ᠭᠠᠷᠤᠮᠠᠭᠴᠠ᠂ ᠲᠡᠷᠡ ᠳᠠᠷᠤᠢ ᠲᠣᠬᠢᠷᠠᠭᠤᠯᠬᠤ ᠲᠠᠰᠤᠭ ᠵᠦᠭ ᠬᠡᠯᠪᠡᠶᠢᠭᠰᠡᠨ ᠳᠣᠬᠢᠶ᠎ᠠ ᠪᠠᠨ ᠠᠦ᠋ᠲ᠋ᠣ᠋ ᠪᠠᠷ ᠮᠡᠳᠡᠭᠦᠯᠵᠦ ᠪᠣᠯᠣᠨ᠎ᠠ︾ ᠭᠡᠵᠦ ᠢᠦᠢ ᠴᠠᠩ ᠵᠧᠩ ᠬᠡᠯᠡᠭᠰᠡᠨ ᠢᠶᠠᠨ ᠵᠠᠯᠭᠠᠭᠠᠳ᠂ ᠬᠠᠵᠠᠭᠤ ᠶᠢᠨ ᠨᠡᠭᠡᠯᠡᠭᠡᠢ ᠶᠢ ᠨᠡᠭᠡᠭᠡᠬᠦ ᠨᠢ ᠭᠤᠮ ᠪᠦᠰᠡ ᠶᠢᠨ ᠭᠡᠮᠲᠦᠯ ᠤᠨ ᠲᠦᠭᠰᠢᠭᠦᠷᠢ ᠶᠢ 80% ᠪᠠᠷ ᠪᠠᠭᠤᠷᠠᠭᠤᠯᠵᠤ᠂ ᠵᠢᠯ ᠤᠨ ᠬᠠᠮᠠᠭᠠᠯᠠᠯᠲᠠ ᠶᠢᠨ ᠥᠪᠡᠷ ᠤᠨ ᠥᠷᠲᠡᠭ ᠢ 50 ᠭᠠᠷᠤᠢ ᠲᠦᠮᠡᠨ ᠲᠥᠭᠦᠷᠢᠭ ᠠᠷᠪᠢᠯᠠᠵᠤ᠂ ᠨᠡᠭᠦᠷᠡᠰᠦ ᠳᠠᠮᠵᠢᠭᠤᠯᠬᠤ ᠰᠢᠰᠲ᠋ᠧᠮ ᠢ 5 ᠵᠢᠯ ᠳᠠᠷᠠᠭᠠᠯᠠᠨ ︽ᠲᠥᠯᠥᠪᠯᠡᠭᠡ ᠠᠴᠠ ᠭᠠᠳᠠᠭᠤᠷ ᠮᠠᠰᠢᠨ ᠦᠯᠤ ᠵᠤᠬᠰᠤᠬᠤ︾ ᠲᠡᠮᠳᠡᠭᠯᠡᠯ ᠢ ᠪᠠᠲᠤᠯᠠᠪᠠ᠃       2019 ᠣᠨ ᠤ ᠳᠣᠣᠷ᠎ᠠ ᠬᠠᠭᠠᠰ ᠵᠢᠯ ᠳᠤ ᠭᠤᠮ ᠪᠦᠰᠡᠲᠦ ᠮᠠᠰᠢᠨ ᠭᠡᠨᠡᠳᠲᠡ ᠵᠣᠭᠰᠣᠵᠤ᠂ ᠭᠡᠮᠲᠦᠯ ᠭᠠᠷᠤᠭᠰᠠᠨ ᠰᠢᠯᠲᠠᠭᠠᠨ ᠢ ᠡᠷᠢᠵᠦ ᠣᠯᠬᠤ ᠦᠭᠡᠢ᠂ ᠦᠢᠯᠡᠳᠪᠦᠷᠢᠯᠡᠯ ᠤᠭ ᠤᠨ ᠲᠥᠯᠥᠪᠯᠡᠭᠡ ᠶᠣᠰᠣᠭᠠᠷ ᠶᠠᠪᠤᠭᠳᠠᠬᠤ ᠠᠷᠭ᠎ᠠ ᠦᠭᠡᠢ ᠪᠣᠯᠪᠠ᠃ ᠲᠤᠬᠠᠢ ᠶᠢᠨ ᠦᠶ᠎ᠡ ᠳᠤ ᠶᠠᠭ ᠦᠢᠯᠡᠳᠪᠦᠷᠢᠯᠡᠯ ᠤᠨ ᠬᠠᠩᠭᠠᠯᠭ᠎ᠠ ᠶᠢ ᠪᠠᠲᠤᠯᠠᠬᠤ ᠣᠷᠭᠢᠯ ᠤᠨ ᠬᠤᠭᠤᠴᠠᠭ᠎ᠠ ᠪᠠᠶᠢᠪᠠ᠃       ︽ᠲᠥᠬᠦᠭᠡᠷᠦᠮᠵᠢ ᠶᠢ ᠴᠤᠴᠠᠯᠵᠤ ᠰᠠᠯᠭᠠᠭᠰᠠᠨ ᠭᠤᠷᠪᠠᠳᠤᠭᠠᠷ ᠡᠳᠦᠷ᠂ ᠵᠠᠮ ᠱᠤᠭᠤᠮ ᠨᠢ ᠲᠤᠶᠢᠯ ᠤᠨ ᠡᠮᠬᠢ ᠵᠠᠮᠪᠠᠷᠠᠭ᠎ᠠ ᠦᠭᠡᠢ ᠪᠠᠶᠢᠳᠠᠯ ᠳᠤ ᠪᠠᠶᠢᠯ᠎ᠠ︾᠃ ᠲᠡᠷᠡ ᠤᠳᠠᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠭᠢᠴᠡᠭᠦᠯᠬᠦ ᠳᠡᠭᠡᠨ᠂ ᠢᠦᠢ ᠴᠠᠩ ᠵᠧᠩ ᠮᠥᠨ ᠬᠦ ᠥᠪᠡᠷ ᠤᠨ ᠡᠷᠬᠡ ᠦᠭᠡᠢ ᠡᠪᠡᠷᠰᠢᠭᠰᠡᠨ ᠬᠤᠶᠠᠷ ᠭᠠᠷ ᠢᠶᠠᠨ ᠨᠤᠬᠤᠯᠠᠳᠠᠭ᠃ ᠳᠠᠭᠢᠨ ᠳᠠᠪᠲᠠᠨ ᠪᠠᠶᠢᠴᠠᠭᠠᠭᠰᠠᠨ ᠤ ᠳ᠋ᠦᠩ ᠳᠤ᠂ ᠢᠦᠢ ᠴᠠᠩ ᠵᠧᠩ᠂ ᠨᠡᠭᠡᠯᠡᠭᠡᠢ ᠶᠢᠨ ᠵᠢᠷᠤᠭ ᠲᠥᠯᠥᠪᠯᠡᠭᠡ ᠨᠢ ᠳᠤᠲᠠᠭᠳᠠᠯ ᠲᠠᠢ ᠠᠴᠠ ᠪᠣᠯᠵᠤ᠂ ᠬᠤᠭᠤᠰᠤᠨ ᠬᠦᠷᠦᠯᠴᠡᠭᠦᠷ ᠨᠢ ᠭᠦᠢᠴᠡᠳ ᠰᠣᠷᠣᠵᠤ ᠳᠡᠶᠢᠯᠦᠭᠰᠡᠨ ᠦᠭᠡᠢ ᠠᠴᠠ ᠪᠣᠯᠵᠤ ᠮᠠᠰᠢᠨ ᠵᠣᠬᠰᠣᠬᠤ ᠦᠵᠡᠭᠳᠡᠯ ᠭᠠᠷᠤᠭᠰᠠᠨ ᠢ ᠢᠯᠡᠷᠡᠭᠦᠯᠪᠡ᠃ ᠲᠤᠰᠠᠯᠠᠬᠤ ᠨᠡᠭᠡᠯᠡᠭᠡᠢ ᠶᠢᠨ ᠵᠠᠯᠭᠠᠬᠤ ᠴᠡᠭ ᠤᠨ ᠶᠠᠪᠤᠴᠠ᠂ ᠮᠧᠬᠠᠨᠢᠭ ᠤᠨ ᠬᠡᠰᠡᠭ ᠢ ᠪᠠᠭᠠᠰᠬᠠᠬᠤ ᠲᠤᠰᠠᠯᠠᠬᠤ ᠨᠡᠭᠡᠯᠡᠭᠡᠢ ᠶᠢᠨ ᠬᠥᠳᠡᠯᠭᠡᠭᠡᠨ ᠵᠡᠷᠭᠡ ᠶᠢ ᠥᠭᠡᠷᠡᠴᠢᠯᠡᠭᠰᠡᠨ ᠤ ᠳᠠᠷᠠᠭ᠎ᠠ᠂ ᠡᠨᠡ ᠬᠦ ᠬᠦᠴᠢᠷ ᠠᠰᠠᠭᠤᠳᠠᠯ ᠡᠴᠦᠰ ᠲᠡᠭᠡᠨ ᠰᠢᠢᠳᠪᠦᠷᠢᠯᠡᠭᠳᠡᠪᠡ᠃       ︽ᠬᠤᠭᠤᠰᠤᠨ ᠬᠦᠷᠦᠯᠴᠡᠭᠦᠷ ᠤᠨ ᠲᠤᠰᠠᠯᠠᠬᠤ ᠨᠡᠭᠡᠯᠡᠭᠡᠢ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠪᠦᠷᠢ 1000 ᠲᠦᠮᠡᠨ ᠭᠷᠡᠳᠦ᠋ᠰ ᠤᠨ ᠴᠠᠭᠢᠯᠭᠠᠨ ᠠᠷᠪᠢᠯᠠᠵᠤ᠂ 800 ᠭᠠᠷᠤᠢ ᠲᠦᠮᠡᠨ ᠲᠥᠭᠦᠷᠢᠭ ᠤᠨ ᠦᠷ᠎ᠡ ᠠᠰᠢᠭ ᠣᠯᠵᠠᠢ︾ ᠭᠡᠵᠦ ᠰᠢᠶᠧ ᠶᠢᠨ ᠯᠦᠩ ᠬᠡᠯᠡᠪᠡ᠃       ᠡᠨᠡ ᠬᠦ ︽ᠦᠬᠦᠨ ᠪᠠᠷᠢᠮᠲᠠᠯᠠᠬᠤ︾ ᠵᠣᠷᠢᠭ ᠰᠠᠨᠠᠭ᠎ᠠ ᠨᠢ ᠰᠢᠨ᠎ᠡ ᠡᠭᠦᠳᠦᠯᠲᠡ ᠶᠢ ᠪᠤᠢ ᠪᠣᠯᠭᠠᠪᠠ᠄ ︽ᠨᠢᠭᠡ ᠵᠦᠢᠯ ᠤᠨ ᠬᠤᠭᠤᠰᠤᠨ ᠬᠦᠷᠦᠯᠴᠡᠭᠦᠷ ᠤᠨ ᠲᠤᠰᠠᠯᠠᠬᠤ ᠨᠡᠭᠡᠯᠡᠭᠡᠢ︾᠂ ︽ᠬᠡᠮᠬᠡᠯᠬᠦ ᠥᠷᠲᠡᠭᠡ ᠶᠢᠨ ᠠᠭᠤᠷᠬᠠᠢ ᠶᠢᠨ ᠲᠡᠷᠭᠡᠨ ᠤ ᠠᠦ᠋ᠲ᠋ᠣ᠋ ᠲᠣᠭᠠᠯᠠᠭᠤᠷ︾᠂ ︽ᠭᠤᠮ ᠪᠦᠰᠡ ᠤᠷᠠᠭᠳᠠᠭᠰᠠᠨ ᠢ ᠪᠠᠶᠢᠴᠠᠭᠠᠨ ᠬᠡᠮᠵᠢᠬᠦ ᠲᠣᠨᠣᠭᠯᠠᠯ︾ ᠵᠡᠷᠭᠡ 3 ᠵᠦᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠯᠤᠰ ᠤᠨ ᠬᠡᠷᠡᠭᠯᠡᠭᠡᠨ ᠤ ᠰᠢᠨ᠎ᠡ ᠭᠡᠯᠪᠡᠷᠢ ᠶᠢᠨ ᠲᠤᠰᠬᠠᠢ ᠠᠰᠢᠭ ᠢ ᠭᠦᠷᠳᠡᠪᠡ᠃       ︽ᠢᠦᠢ ᠴᠠᠩ ᠵᠧᠩ ᠤᠨ ᠭᠦᠳᠡᠯᠮᠦᠷᠢ ᠶᠢᠨ ᠵᠢᠱᠢᠶᠡᠴᠢ ︵ᠤᠷᠠᠨ ᠳᠠᠷᠬᠠᠨ︶ ᠶᠢᠨ ᠰᠢᠨ᠎ᠡ ᠶᠢ ᠡᠭᠦᠳᠬᠦ ᠠᠵᠢᠯᠯᠠᠬᠤ ᠲᠠᠰᠤᠭ︾ ᠲᠤ ᠣᠷᠣᠬᠤ ᠳᠤ ᠶᠠᠭ ᠯᠡ ᠨᠢᠭᠡᠨ ︽ᠲᠤᠷᠰᠢᠯᠲᠠ ᠶᠢᠨ ᠲᠠᠰᠤᠭ︾ ᠲᠤ ᠣᠷᠣᠭᠰᠠᠨ ᠰᠢᠭ᠋ ᠪᠠᠶᠢᠵᠤ᠂ ᠡᠯ᠎ᠡ ᠲᠥᠷᠥᠯ ᠤᠨ ᠲᠥᠬᠦᠭᠡᠷᠦᠮᠵᠢ ᠶᠢ ᠡᠮᠬᠢ ᠵᠢᠷᠤᠮ ᠲᠠᠢ ᠲᠢᠭᠯᠡᠵᠦ ᠲᠠᠯᠪᠢᠵᠠᠢ᠃ ᠭᠠᠷᠠᠭ ᠪᠦᠷᠢ ᠶᠢᠨ ᠭᠠᠷᠠᠭ ᠤᠨ ᠲᠠᠪᠤᠨ ᠤ ᠦᠳᠡ ᠶᠢᠨ ᠬᠤᠶᠢᠨ᠎ᠠ᠂ ᠠᠵᠢᠯ ᠤᠨ ᠲᠠᠰᠤᠭ ᠲᠤ ᠶᠡᠷᠦ ᠨᠢ ᠡᠶᠢᠮᠦ ᠪᠠᠶᠢᠳᠠᠯ ᠢ ᠣᠯᠵᠤ ᠬᠠᠷᠠᠳᠠᠭ᠄ ᠵᠠᠯᠠᠭᠤ ᠠᠵᠢᠯᠲᠠᠨ ᠠᠵᠢᠯᠴᠢᠨ PLC ᠶᠢᠨ ᠠᠵᠢᠯᠯᠠᠬᠤ ᠲᠠᠪᠴᠠᠩ ᠢ ᠲᠣᠭᠤᠷᠢᠵᠤ᠂ ᠢᠦᠢ ᠴᠠᠩ ᠵᠧᠩ ᠴᠠᠭᠢᠯᠭᠠᠨ ᠬᠡᠯᠬᠢᠶ᠎ᠡ ᠶᠢᠨ ᠮᠡᠳᠡᠯᠭᠡ ᠶᠢ ᠨᠠᠷᠢᠨ ᠬᠢᠨᠠᠮᠠᠭᠠᠢ ᠲᠠᠶᠢᠯᠪᠤᠷᠢᠯᠠᠨ᠎ᠠ᠃ ᠬᠡᠮᠬᠡᠯᠬᠦ ᠦᠷᠲᠡᠭᠡ ᠶᠢᠨ ᠠᠭᠤᠷᠬᠠᠢ ᠶᠢᠨ ᠮᠠᠰᠢᠨ ᠤ ᠠᠦ᠋ᠲ᠋ᠣ᠋ ᠲᠤᠭ᠎ᠠ ᠲᠣᠭᠠᠯᠠᠭᠤᠷ ᠢ ᠰᠠᠶᠢᠵᠢᠷᠠᠭᠤᠯᠬᠤ ᠲᠤᠬᠠᠢ ᠲᠠᠶᠢᠯᠪᠤᠷᠢᠯᠠᠬᠤ ᠳᠠᠭᠠᠨ᠂ ᠲᠡᠷᠡ ᠭᠡᠨᠡᠳᠲᠡ ᠠᠰᠠᠭᠤᠳᠠᠯ ᠳᠤᠷᠠᠳᠴᠤ᠄ ︽ᠰᠠᠷᠢᠰᠤᠨ ᠪᠠᠭᠪᠠᠭᠠᠢ ᠨᠢ ᠬᠡᠷᠬᠢᠨ ᠷᠠᠳᠠᠷ ᠤᠨ ᠮᠡᠷᠭᠡᠵᠢᠯ ᠳᠤ ᠰᠡᠩᠬᠡᠷᠡᠭᠦᠯᠦᠯ ᠥᠭᠭᠦᠭᠰᠡᠨ ᠢ ᠮᠡᠳᠡᠨ᠎ᠡ ᠤᠤ︖︾ ᠭᠡᠵᠦ ᠠᠰᠠᠭᠤᠪᠠ᠃ ᠡᠶᠢᠮᠦᠷᠬᠦᠦ ᠪᠠᠶᠠᠷ ᠴᠡᠩᠭᠡᠯ ᠲᠠᠢ ᠴᠢᠯᠦᠭᠡᠲᠡᠢ ᠪᠠᠶᠢᠳᠠᠭ ᠬᠢᠴᠢᠶᠡᠯᠯᠡᠬᠦ ᠠᠷᠭ᠎ᠠ ᠮᠠᠶ᠋ᠢᠭ ᠨᠢ ᠠᠮᠲᠠ ᠰᠢᠮᠳᠡ ᠦᠭᠡᠢ ᠮᠡᠳᠡᠯᠭᠡ ᠶᠢ ᠠᠮᠢᠳᠤᠯᠢᠭ ᠲᠤᠰᠬᠠᠢ ᠮᠡᠷᠭᠡᠵᠢᠯ ᠪᠣᠯᠭᠠᠨ ᠵᠠᠯᠠᠭᠤ ᠠᠵᠢᠯᠲᠠᠨ ᠢ ᠬᠥᠮᠥᠵᠢᠭᠦᠯᠦᠨ ᠰᠡᠩᠬᠡᠷᠡᠭᠦᠯᠦᠯ ᠣᠯᠭᠤᠳᠠᠭ᠃       ︽ᠦᠢᠯᠡᠳᠪᠦᠷᠢᠯᠡᠯ ᠤᠨ ᠶᠠᠪᠤᠴᠠ ᠳᠤ ᠰᠠᠭᠠᠳ ᠭᠠᠷᠬᠤ ᠦᠶ᠎ᠡ ᠳᠤ ᠢᠦᠢ ᠠᠩᠭᠢ ᠶᠢᠨ ᠳᠠᠷᠤᠭ᠎ᠠ ᠪᠢᠳᠡᠨ ᠳᠤ ᠡᠷᠡᠭᠦᠦ ᠶᠢᠨ ᠬᠡᠷᠡᠭ ᠢ ᠡᠪᠳᠡᠬᠦ‍ ᠰᠢᠭ ᠠᠰᠠᠭᠤᠳᠠᠯ ᠢ ᠵᠠᠳᠠᠯᠵᠤ᠂ ᠰᠢᠨ᠎ᠡ ᠶᠢ ᠡᠭᠦᠳᠬᠦ ᠰᠡᠳᠬᠢᠬᠦᠢ ᠶᠢᠨ ᠭᠤᠣᠯᠳᠠᠯᠭ᠎ᠠ ᠨᠢ ᠰᠢᠨ᠎ᠡ ᠠᠷᠭ᠎ᠠ ᠶᠢ ᠵᠣᠷᠢᠭᠲᠠᠢ ᠪᠠᠷ ᠲᠤᠷᠰᠢᠬᠤ ᠳᠤ ᠪᠤᠢ ᠭᠡᠵᠦ ᠵᠢᠭᠠᠵᠤ ᠦᠭᠳᠡᠭ᠃ ᠥᠩᠭᠡᠷᠡᠭᠰᠡᠨ ᠤ ᠲᠣᠭᠠᠯᠠᠭᠤᠷ ᠪᠣᠯ ᠲᠤᠰᠬᠠᠯ ᠤᠨ ᠭᠡᠯᠪᠡᠷᠢ ᠶᠢᠨ ᠤᠯᠠᠭᠠᠨ ᠤ ᠭᠠᠳᠠᠨᠠᠬᠢ ᠭᠡᠷᠡᠯ ᠤᠨ ᠴᠠᠭᠢᠯᠭᠠᠨ ᠤ ᠤᠭ ᠶᠣᠰᠣ ᠶᠢ ᠠᠰᠢᠭᠯᠠᠵᠤ ᠲᠤᠭ᠎ᠠ ᠲᠣᠭᠠᠯᠠᠬᠤ ᠶᠢ ᠪᠡᠶᠡᠯᠡᠭᠦᠯᠵᠦ᠂ ᠬᠠᠷᠠᠩᠭᠤᠢ ᠰᠥᠨᠢ ᠲᠣᠭᠠᠯᠠᠭᠤᠷ ᠨᠢ ᠣᠷᠴᠢᠨ ᠲᠣᠭᠤᠷᠢᠨ ᠳᠤ ᠨᠥᠯᠥᠭᠡᠯᠡᠭᠳᠡᠭ᠂ ᠲᠡᠷᠡ ᠪᠣᠯ ᠳᠠᠷᠤᠢ ᠰᠠᠷᠢᠰᠤᠨ ᠪᠠᠭᠪᠠᠭᠠᠢ ᠰᠥᠨᠢ ᠢᠳᠡᠰᠢ ᠡᠷᠢᠬᠦ ᠦᠶᠡᠰ ᠤᠨ ᠰᠡᠷᠡᠵᠦ ᠮᠡᠳᠡᠬᠦ ᠴᠢᠳᠠᠪᠤᠷᠢ ᠶᠢ ᠬᠤᠯᠪᠣᠨ ᠪᠤᠳᠣᠵᠤ᠂ ᠡᠭᠦᠨ ᠠᠴᠠ ᠪᠣᠯᠵᠤ ᠬᠡᠮᠬᠡᠯᠬᠦ ᠦᠷᠲᠡᠭᠡ ᠶᠢᠨ ᠠᠭᠤᠷᠬᠠᠢ ᠶᠢᠨ ᠮᠠᠰᠢᠨ ᠤ ᠠᠦ᠋ᠲ᠋ᠣ᠋  ᠲᠣᠭᠠᠯᠠᠭᠤᠷ ᠢ ᠰᠠᠶᠢᠵᠢᠷᠠᠭᠤᠯᠤᠭᠰᠠᠨ ᠶᠤᠮ︾᠃ ᠶᠤᠸᠠᠨ ᠪᠤᠤ ᠱᠠᠨ ᠵᠠᠳᠠᠭᠠᠢ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠩᠭᠢ ᠶᠢᠨ ᠴᠠᠭᠢᠯᠭᠠᠨ ᠤ ᠠᠵᠢᠯᠲᠠᠨ ᠸᠠᠩ ᠰᠢᠶᠣᠣ ᠪᠢᠨ᠂ ᠢᠦᠢ ᠴᠠᠩ ᠵᠧᠩ ᠤᠨ ᠬᠠᠪᠰᠤᠷᠤᠯᠭ᠎ᠠ ᠳᠣᠣᠷ᠎ᠠ ᠪᠢ ᠴᠠᠭᠢᠯᠭᠠᠨ ᠲᠤᠨᠤᠭ ᠲᠥᠬᠦᠭᠡᠷᠦᠮᠵᠢ ᠵᠠᠰᠠᠬᠤ ᠰᠤᠷᠤᠬᠴᠢ ᠪᠠᠶᠢᠭᠰᠠᠨ ᠠᠴᠠ ᠳᠡᠭᠡᠳᠦ ᠵᠡᠷᠭᠡ ᠶᠢᠨ ᠲᠧᠭᠨᠢᠭᠴᠢ ᠪᠣᠯᠪᠠ ᠭᠡᠪᠡ᠃       ᠢᠦᠢ ᠴᠠᠩ ᠵᠧᠩ ᠠᠵᠢᠯ ᠤᠨ ᠪᠠᠶᠢᠷᠢ ᠶᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠴᠠᠭᠢᠯᠭᠠᠨ ᠤ ᠤᠬᠠᠭᠠᠨ ᠤ ᠵᠢᠭᠠᠬᠤ ᠮᠠᠲ᠋ᠧᠷᠢᠶᠠᠯ ᠢ ᠥᠪᠡᠷ ᠢᠶᠠᠨ ᠨᠠᠶᠢᠷᠠᠭᠤᠯᠵᠤ᠂ PPT ᠵᠢᠭᠠᠨ ᠰᠤᠷᠭᠠᠯᠲᠠ ᠶᠢᠨ ᠲᠤᠨᠤᠭ ᠢ ᠵᠣᠬᠢᠶᠠᠨ ᠦᠢᠯᠡᠳᠬᠦ ᠶᠢᠨ ᠬᠠᠮᠲᠤ ᠬᠥᠮᠥᠨ ᠪᠦᠷᠢ ᠶᠢᠨ ᠳᠤᠷ᠎ᠠ ᠰᠣᠨᠢᠷᠬᠠᠯ ᠤᠨ ᠣᠨᠴᠠᠯᠢᠭ ᠢ ᠦᠨᠳᠦᠰᠦᠯᠡᠨ ᠬᠠᠨᠳᠤᠯᠭᠠᠲᠤ ᠴᠢᠨᠠᠷᠲᠠᠢ  ᠬᠥᠮᠥᠵᠢᠭᠦᠯᠵᠦ᠂ ᠲᠡᠳᠡᠨ ᠳᠤ ᠠᠵᠢᠯ ᠤᠨ ᠶᠠᠪᠤᠴᠠ ᠶᠢ ᠲᠦᠷᠭᠡᠨ ᠣᠶᠢᠯᠠᠭᠠᠭᠤᠯᠪᠠ᠃ ᠣᠳᠣᠬᠠᠨ ᠳᠤ᠂ ᠢᠦᠢ ᠴᠠᠩ ᠵᠧᠩ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠵᠢᠯ ᠤᠨ ᠪᠠᠶᠢᠷᠢ ᠳᠤ ᠰᠢᠯᠵᠢᠭᠰᠡᠨ ᠬᠥᠮᠥᠰ᠂ ᠰᠢᠨ᠎ᠡ ᠪᠠᠷ ᠡᠯᠰᠡᠭᠰᠡᠨ ᠠᠵᠢᠯᠲᠠᠨ ᠢ ᠨᠡᠶᠢᠲᠡ 2000 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠪᠠ᠃ᠲᠡᠭᠦᠨ ᠤ ᠬᠠᠪᠰᠤᠷᠤᠯᠭ᠎ᠠ ᠳᠣᠣᠷ᠎ᠠ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠩᠭᠢ ᠶᠢᠨ 22 ᠬᠥᠮᠥᠨ ᠤ ᠳᠣᠲᠣᠷ᠎ᠠ 1 ᠬᠥᠮᠥᠨ ᠨᠢ ᠣᠨᠴᠠ ᠲᠡᠰ ᠤᠨ ᠲᠧᠭᠨᠢᠭᠴᠢ᠂ 7 ᠬᠥᠮᠥᠨ ᠨᠢ ᠳᠡᠭᠡᠳᠦ ᠵᠡᠷᠭᠡ ᠶᠢᠨ ᠲᠧᠭᠨᠢᠭᠴᠢ᠂ 6 ᠬᠥᠮᠥᠨ ᠨᠢ ᠲᠧᠭᠨᠢᠭᠴᠢ ᠪᠣᠯᠤᠭᠰᠠᠨ ᠪᠠᠶᠢᠨ᠎ᠠ᠃       ᠶᠠᠭᠠᠬᠢᠭᠠᠳ ᠤᠯᠠᠨ ᠵᠢᠯ ᠤᠨ ᠲᠤᠷᠰᠢ ᠢᠮᠠᠭᠲᠠ ᠵᠠᠯᠠᠭᠤ ᠠᠵᠢᠯᠴᠢᠨ ᠳᠤ ᠬᠢᠴᠢᠶᠡᠯ ᠣᠷᠣᠬᠤ ᠶᠢ ᠪᠠᠷᠢᠮᠲᠠᠯᠠᠭᠰᠠᠭᠠᠷ ᠢᠷᠡᠭᠰᠡᠨ ᠲᠤᠬᠠᠢ ᠠᠰᠠᠭᠤᠬᠤ ᠳᠤ᠂ ᠢᠦᠢ ᠴᠠᠩ ᠵᠧᠩ᠄ ︽ᠲᠤᠬᠠᠢ ᠶᠢᠨ ᠦᠶ᠎ᠡ ᠳᠤ ᠪᠠᠭᠰᠢ ᠨᠠᠳᠠ ᠳᠤ ᠲᠥᠬᠦᠭᠡᠷᠦᠮᠵᠢ ᠶᠢᠨ ︿ᠵᠢᠷᠦᠬᠡᠨ ᠯᠤᠭᠰᠢᠯᠲᠠ ᠶᠢᠨ ᠵᠢᠷᠤᠭ﹀ ᠢ ᠬᠡᠷᠬᠢᠨ ᠢᠯᠭᠠᠨ ᠲᠠᠨᠢᠬᠤ ᠶᠢ ᠵᠢᠭᠠᠵᠤ ᠥᠭᠭᠦᠭᠰᠡᠨ᠂ ᠤᠳᠤ ᠪᠢᠳᠡ ᠵᠠᠯᠠᠭᠤᠴᠤᠳ ᠲᠤ︿ᠮᠡᠷᠭᠡᠵᠢᠯ ᠤᠨ ᠵᠠᠮᠴᠢᠯᠠᠭᠤᠷ﹀ ᠢ ᠤᠭᠰᠠᠷᠠᠵᠤ ᠥᠭᠬᠦ ᠬᠡᠷᠡᠭᠲᠡᠢ︾ ᠭᠡᠵᠦ ᠢᠨᠢᠶᠡᠮᠰᠦᠭᠯᠡᠨ ᠬᠡᠯᠡᠵᠦ ᠪᠢᠯᠡ᠃       ᠡᠳᠦᠷ ᠪᠣᠯᠭᠠᠨ ᠰᠢᠨᠡᠴᠢᠯᠡᠪᠡᠯ ᠰᠠᠶ᠋ᠢ ᠡᠳᠦᠷ ᠢᠷᠡᠬᠦᠶ᠎ᠡ ᠥᠭᠡᠳᠡᠯᠡᠨ ᠳᠠᠪᠰᠢᠵᠤ ᠰᠢᠨ᠎ᠡ ᠣᠯᠣᠯᠲᠠ ᠲᠠᠢ ᠪᠣᠯᠵᠤ ᠴᠢᠳᠠᠨ᠎ᠠ᠃ ᠢᠦᠢ ᠴᠠᠩ ᠵᠧᠩ ᠥᠪᠡᠷ ᠤᠨ ᠳᠤᠷ᠎ᠠ ᠪᠠᠭ᠋ᠠᠲᠠᠢ ᠬᠦᠷᠢᠶᠡᠨ ᠳᠡᠭᠡᠨ ᠭᠦᠨᠵᠡᠭᠡᠶᠢᠷᠡᠨ ᠨᠠᠷᠢᠯᠢᠭ ᠠᠴᠠ ᠨᠠᠷᠢᠯᠢᠭ ᠣᠷᠣᠵᠤ᠂ ᠰᠢᠷᠭᠠᠭᠤ ᠬᠠᠲᠠᠭᠤᠵᠢᠯᠲᠠᠢ ᠠᠵᠢᠯᠯᠠᠪᠠ︔ ᠤᠷ᠎ᠠ ᠴᠢᠳᠠᠪᠤᠷᠢ ᠪᠠᠷ ᠴᠢᠳᠠᠪᠤᠷᠢᠲᠠᠨ ᠪᠤᠯᠬᠤ ᠵᠠᠮ ᠳᠡᠭᠡᠷ᠎ᠡ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠪᠠ᠃ ᠢᠦᠢ ᠴᠠᠩ ᠵᠧᠩ ᠮᠡᠷᠭᠡᠵᠢᠯ ᠤᠨ ᠥᠭᠡᠷᠡᠴᠢᠯᠡᠯᠲᠡ ᠳᠤ 40 ᠭᠠᠷᠤᠢ ᠤᠳᠠᠭ᠎ᠠ ᠣᠷᠣᠯᠴᠠᠵᠤ ᠠᠵᠤ ᠠᠬᠤᠶᠢᠯᠠᠯ ᠳᠤ 5000 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠪᠠ᠃       ᠢᠦᠢ ᠴᠠᠩ ᠵᠧᠩ ᠤᠷᠢᠳ ᠬᠤᠵᠢᠳ ᠪᠦᠭᠦ ᠤᠯᠤᠰ ᠤᠨ ︽5·1︾ ᠤ ᠭᠦᠳᠡᠯᠮᠦᠷᠢ ᠶᠢᠨ ᠱᠠᠩᠨᠠᠯ᠂ ᠪᠦᠭᠦ ᠤᠯᠤᠰ ᠤᠨ ᠮᠡᠷᠭᠡᠵᠢᠯ ᠤᠨ ᠴᠢᠳᠠᠮᠠᠭᠠᠢ ᠭᠠᠷ᠂ ᠨᠡᠭᠦᠷᠡᠰᠦᠨ ᠤ ᠠᠵᠢᠯ ᠲᠦᠷᠦᠯ ᠤᠨ ᠤᠷ᠎ᠠ ᠴᠢᠳᠠᠪᠤᠷᠢ ᠶᠢᠨ ᠲᠧᠭᠨᠢᠭᠴᠢ᠂ ᠪᠦᠭᠦ ᠤᠯᠤᠰ ᠤᠨ ᠡᠨᠧᠷᠭᠢ ᠬᠢᠮᠢ ᠭᠠᠵᠠᠷ ᠰᠢᠨᠵᠢᠯᠡᠭᠡᠨ ᠤ ᠰᠢᠰᠲ᠋ᠧᠮ ᠤᠨ ᠲᠣᠮᠣ ᠤᠯᠤᠰ ᠤᠨ ᠤᠷᠠᠨ ᠳᠠᠷᠬᠠᠨ ᠵᠡᠷᠭᠡ ᠤᠯᠠᠨ ᠵᠦᠢᠯ ᠤᠨ ᠢᠷᠠᠭᠤ ᠠᠯᠳᠠᠷ ᠢ ᠭᠦᠷᠲᠡᠪᠡ᠃ ᠡᠨᠡ ᠵᠢᠯ ᠤᠨ︽5·1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨ᠎ᠡ ᠢᠦᠢ ᠴᠠᠩ ᠵᠧᠩ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃       ᠢᠦᠢ ᠴᠠᠩ ᠵᠧᠩ᠄ ︽ᠪᠢ ᠦᠷᠭᠦᠯᠵᠢᠯᠡᠨ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠦᠨᠳᠦᠰᠦᠯᠡᠵᠦ᠂ ᠤᠯᠤᠰ ᠤᠨ ᠡᠨᠧᠷᠭᠢ ᠶᠢᠨ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾ ᠭᠡᠵᠦ ᠢᠯᠡᠳᠬᠡᠪᠡ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ