5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 25 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ | ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠤᠯᠭᠠᠮ ᠪᠤᠳᠤᠯ ᠢᠶᠠᠨ ᠴᠢᠩᠭᠠᠳᠬᠠᠵᠤ᠂ ᠳᠡᠭᠡᠳᠦ | ᠳᠣᠣᠷᠠᠳᠤ ᠱᠠᠲᠤ ᠪᠠᠷ ᠢᠶᠠᠨ ᠴᠥᠮ ᠦᠨᠡᠨ ᠪᠣᠳᠠᠲᠠᠢ ᠬᠥᠳᠡᠯᠦᠯᠴᠡᠵᠦ᠂ ᠠᠵᠢᠯᠯᠠᠵᠤ᠂ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠢ ᠪᠠᠲᠤ ᠡᠵᠡᠮᠳᠡᠵᠦ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠰᠡᠷᠭᠡᠭ ᠴᠢᠨᠠᠷ ᠢᠶᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠬᠦ ᠪᠠᠷ ᠵᠢᠯᠣᠭᠤᠳᠤᠮᠵᠢ ᠪᠤᠯᠭᠠᠵᠤ᠂ ᠤᠯᠤᠰ ᠤᠨ ᠰᠢᠨ᠎ᠡ ᠪᠠᠷ ᠲᠣᠭᠲᠠᠭᠠᠭᠰᠠᠨ ᠡᠯ᠎ᠡ | ᠵᠦᠢᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠮᠥᠷᠳᠡᠨ ᠰᠤᠳᠤᠯᠵᠤ᠂ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠵᠤ᠂ ᠠᠵᠠ ᠲᠣᠭᠢᠶᠠᠯ ᠢ ᠡᠵᠡᠮᠳᠡᠵᠦ᠂ | ᠲᠦᠷᠦ ᠶᠢᠨ ᠪᠣᠳᠣᠯᠭ᠎ᠠ ᠶᠢ ᠥᠪᠥᠷ ᠮᠣᠩᠭᠤᠯ ᠤᠨ ᠡᠬᠡ ᠭᠠᠵᠠᠷ ᠳᠡᠭᠡᠷ᠎ᠡ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ | ᠦᠷᠭᠦᠯᠵᠢᠯᠡᠨ ᠬᠦᠴᠦᠯᠡᠵᠦ ᠪᠠᠶᠢᠭᠠᠳ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ | ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢ ᠪᠦᠭᠦ ᠤᠯᠤᠰ ᠤᠨ ᠶᠡᠭᠡ ᠲᠠᠯ᠎ᠠ ᠳᠤ ᠲᠠᠯᠪᠢᠵᠤ᠂ ᠲᠤᠰ ᠪᠡᠶ᠎ᠡ ᠶᠢᠨ | ᠡᠬᠢ ᠪᠠᠶᠠᠯᠢᠭ ᠤᠨ ᠳᠠᠪᠠᠭᠤᠯᠢᠭ ᠪᠣᠯᠣᠨ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠬᠦ ᠬᠡᠷᠡᠭᠲᠡᠢ᠃ ᠲᠦᠷᠦᠯ ᠵᠦᠢᠯ ᠢᠶᠠᠷ ᠭᠤᠣᠯ | ᠪᠤᠯᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠩ ᠤᠯᠠᠨ ᠪᠦᠭᠦ | ᠲᠠᠯ᠎ᠠ ᠶᠢᠨ ᠴᠢᠨᠠᠷᠲᠠᠢ ᠲᠦᠷᠦᠯ ᠵᠦᠢᠯ ᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ ᠪᠠᠳᠠᠷᠠᠭᠤᠯᠤᠨ | ᠪᠠᠭᠤᠷᠠᠢ ᠲᠠᠯ᠎ᠠ ᠪᠠᠨ ᠲᠡᠪᠴᠢᠵᠦ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠭᠠᠷ ᠤᠨ ᠦᠢᠯᠡᠰ ᠤᠨ ᠠᠵᠤ ᠠᠬᠤᠢ᠂ ᠰᠢᠨ᠎ᠡ | ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ᠂ ᠴᠥᠮ᠎ᠡ ᠶᠢᠨ ᠡᠨᠧᠷᠭᠢ᠂ ᠪᠣᠳᠣᠯᠲᠠ ᠶᠢᠨ ᠴᠢᠳᠠᠪᠤᠷᠢ᠂ | ᠳᠠᠬᠢᠯᠲᠠ ᠡᠬᠢ ᠪᠠᠶᠠᠯᠢᠭ ᠤᠨ ᠠᠰᠢᠭᠯᠠᠯᠲᠠ ᠵᠡᠷᠭᠡ ᠠᠵᠤ ᠦᠢᠯᠡᠰ ᠢ ᠱᠠᠯᠠᠪᠳᠠᠨ ᠲᠥᠯᠥᠪᠵᠢᠭᠦᠯᠦᠨ ᠪᠠᠶᠢᠷᠢᠰᠢᠭᠤᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ | ᠦᠢᠯᠡᠳᠬᠦ ᠪᠠᠷ ᠦᠨᠳᠦᠰᠦᠨ ᠦᠷᠳᠡᠭ ᠤᠨ ᠬᠠᠨᠳᠤᠰᠢ ᠪᠤᠯᠭᠠᠵᠤ᠂ ᠠᠷᠠᠳ ᠤᠨ ᠠᠮᠢᠳᠤᠷᠠᠯ ᠤᠨ ᠨᠡᠩ ᠤᠯᠠᠨ ᠪᠣᠳᠠᠲᠤ ᠶᠠᠪᠤᠳᠠᠯ ᠢ ᠤᠬᠠᠭᠠᠯᠠᠨ ᠲᠥᠯᠥᠪᠯᠡᠵᠦ᠂ ᠠᠷᠭ᠎ᠠ | ᠪᠦᠭᠦᠨ ᠢ ᠰᠦᠪᠡᠭᠴᠢᠯᠡᠵᠦ ᠪᠠᠶᠢᠭᠠᠳ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠬᠤ ᠡᠭᠦᠷᠭᠡᠲᠦ ᠪᠤᠳᠤᠯ ᠢᠶᠠᠨ | ᠴᠢᠩᠭᠠᠳᠬᠠᠵᠤ᠂ ᠲᠦᠷᠦ ᠶᠢᠨ ᠪᠣᠳᠣᠯᠭ᠎ᠠ᠂ ᠪᠡᠯᠡ ᠮᠥᠩᠭᠦ᠂ ᠲᠦᠷᠦᠯ ᠵᠦᠢᠯ᠂ ᠲᠠᠪᠴᠠᠩ ᠵᠡᠷᠭᠡ ᠡᠯᠧᠮᠧᠨ᠋ᠲ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠬᠤᠷᠢᠭ᠎ᠠ ᠴᠡᠭ ᠢ ᠲᠦᠷᠭᠡᠨ ᠰᠢᠢᠳᠪᠦᠷᠢᠯᠡᠬᠦ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠠᠨᠳᠤᠭᠰᠠᠨ ᠵᠦᠭ ᠲᠤ ᠳᠠᠭᠠᠷᠢᠯᠲᠠ ᠬᠢᠵᠦ ᠪᠤᠯᠬᠤ | ᠦᠭᠡᠢ ᠪᠥᠭᠡᠳ ᠪᠠᠰᠠ ᠶᠠᠭᠤ ᠴᠤ ᠬᠢᠬᠦ ᠦᠭᠡᠢ ᠪᠠᠶᠢᠵᠤ ᠪᠤᠯᠬᠤ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠢ ᠮᠥᠷᠳᠡᠵᠦ᠂ ᠬᠦᠴᠦᠯᠡᠬᠦ | ᠴᠡᠭ ᠢᠶᠠᠨ ᠣᠨᠣᠪᠴᠢᠲᠠᠢ ᠣᠯᠵᠤ᠂ ᠴᠠᠭᠢᠯᠭᠠᠨ ᠬᠦᠴᠦ᠂ ᠬᠤᠪᠣᠷ ᠰᠢᠷᠣᠢ ᠵᠡᠷᠭᠡ ᠴᠢᠬᠤᠯᠠ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ | ᠪᠣᠭᠤᠮᠲᠠ ᠰᠢᠪᠲᠤᠯᠵᠤ᠂ ᠨᠡᠩ ᠤᠯᠠᠨ ᠲᠠᠯ᠎ᠠ ᠪᠠᠷ ︽ᠡᠬᠢᠯᠡᠮᠡᠭᠴᠡ ᠲᠦᠷᠦᠭᠦᠯᠡᠬᠦ︾ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠢᠳᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠵᠠᠩᠭᠢᠯᠠᠭ᠎ᠠ ᠶᠢᠨ ᠪᠠᠴᠢᠮ | ᠬᠡᠷᠡᠭᠴᠡᠭᠡᠨ ᠤ ᠬᠦᠷᠢᠶ᠎ᠡ ᠳᠤ ᠴᠢᠭᠯᠡᠭᠦᠯᠦᠨ ᠵᠣᠬᠢᠶᠠᠮᠠᠯ ᠤᠶᠤᠨ ᠴᠢᠳᠠᠪᠤᠷᠢ ᠶᠢ ᠬᠥᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠷᠢᠲᠠᠯ ᠳᠣᠣᠷ᠎ᠠ ᠵᠣᠬᠢᠶᠠᠮᠠᠯ | ᠤᠶᠤᠨ ᠴᠢᠳᠠᠪᠤᠷᠢ ᠶᠢᠨ ᠮᠡᠷᠭᠡᠵᠢᠯ ᠢ ᠡᠨᠧᠷᠭᠢ᠂ ᠠᠭᠤᠷᠬᠠᠢ ᠮᠠᠯᠲᠠᠬᠤ᠂ ᠮᠠᠯ ᠠᠵᠤ ᠠᠬᠤᠢ ᠲᠠᠷᠢᠶᠠᠯᠠᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠬᠡᠷᠡᠭᠲᠡᠢ᠃ ᠪᠣᠬᠢᠷᠳᠤᠯ ᠦᠭᠡᠢ ᠴᠠᠭᠢᠯᠭᠠᠨ ᠤ ᠳᠠᠪᠠᠭᠤᠯᠢᠭ ᠲᠤ ᠲᠦᠰᠢᠭᠯᠡᠵᠦ᠂ ︽ᠪᠡᠭᠡᠵᠢᠩ ᠤᠨ ᠳ᠋ᠠᠶᠢᠲ᠋ᠠ ᠶᠢ | ᠥᠪᠥᠷ ᠮᠣᠩᠭᠤᠯ ᠳᠤ ᠪᠤᠳᠤᠬᠤ︾ ᠵᠡᠷᠭᠡ ᠪᠣᠳᠣᠯᠲᠠ ᠶᠢᠨ ᠴᠢᠳᠠᠪᠤᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠤᠭ᠎ᠠ | ᠪᠠᠷᠢᠮᠲᠠ ᠶᠢ ᠨᠡᠭᠡᠭᠡᠨ ᠬᠥᠭᠵᠢᠭᠦᠯᠵᠦ ᠬᠡᠷᠡᠭᠯᠡᠬᠦ ᠵᠢᠴᠢ ᠬᠠᠮᠢᠶ᠎ᠠ ᠪᠦᠬᠦᠢ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠳᠠ ᠶᠢᠨ ᠪᠠᠶᠢᠲ᠋ᠠ ᠲᠣᠭᠤᠷᠢᠭ ᠤᠨ ᠨᠢᠭᠡᠨ ᠬᠤᠭᠤᠯᠠᠨ ᠭᠡᠷ ᠤᠨ | ᠭᠠᠯ ᠤᠨ ᠭᠠᠮᠰᠢᠭ ᠤᠨ ᠠᠳᠡᠯ ᠪᠣᠯᠣᠨ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ | ᠣᠩᠭᠤᠴᠠ ᠬᠥᠷᠪᠡᠭᠰᠡᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠴᠠᠭ ᠢᠮᠠᠭᠲᠠ | ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠪᠠ | ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠨᠠᠩ ᠴᠢᠬᠤᠯᠠᠴᠢᠯᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ ᠴᠡᠭᠴᠡᠯᠡᠨ ᠵᠠᠰᠠᠬᠤ ᠬᠡᠷᠡᠭᠲᠡᠢ᠃ ᠣᠶ | ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ | ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ | ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠭᠦ ᠣᠷᠣᠨ ᠤ ᠥᠷᠭᠡᠨ ᠣᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠢ ᠳᠠᠶᠢᠴᠢᠯᠠᠨ | ᠵᠣᠷᠢᠭᠵᠢᠭᠤᠯᠵᠤ ᠪᠠᠶᠢᠭᠠᠳ ᠡᠵᠡᠨ ᠬᠥᠮᠥᠨ ᠤ ᠤᠬᠠᠮᠰᠠᠷ ᠢ ᠨᠢ ᠴᠢᠩᠭᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠠᠯ ᠬᠠᠯᠠᠭᠤᠨ ᠦᠢᠯᠡᠳᠦᠯᠭᠡ ᠶᠢᠨ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠨ᠂ ᠴᠤᠭ ᠵᠢᠪᠬᠤᠭ᠎ᠠ ᠶᠢ | ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠬᠠᠷᠢᠭᠤ ᠵᠠᠬᠢᠳᠠᠯ ᠪᠣᠯᠣᠨ ᠴᠢᠬᠤᠯᠠ ᠵᠣᠬᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ | ᠠᠵᠢᠯᠯᠠᠭᠴᠢ ᠶᠢᠨ ᠠᠵᠢᠯ ᠪᠣᠯᠣᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠪᠦᠭᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠦ᠂ ᠡᠯ᠎ᠡ ᠱᠠᠲᠤᠨ ᠤ ᠠᠯᠪᠠᠨ ᠲᠢᠩᠬᠢᠮ ︵ᠭᠡᠷ︶ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ | ᠰᠤᠷᠲᠠᠯ ᠢᠶᠠᠨ ᠰᠠᠶᠢᠵᠢᠷᠠᠭᠤᠯᠬᠤ᠂ ᠶᠣᠰᠣ ᠳᠦᠷᠢᠮ ᠲᠣᠭᠲᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠲᠦᠷᠦᠭᠦᠯᠡᠨ ᠬᠢᠵᠦ᠂ ᠴᠢᠨᠠᠷ ᠰᠠᠶᠢᠲᠠᠢ ᠪᠠᠷ ᠠᠵᠢᠯᠯᠠᠭᠠᠨ ᠢ | ᠪᠠᠲᠤᠯᠠᠬᠤ᠂ ᠵᠣᠬᠢᠴᠠᠭᠤᠯᠭ᠎ᠠ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠠᠶᠢᠨ ᠵᠥᠪᠯᠡᠭᠴᠢ ᠲᠤᠰᠠᠯᠠᠭᠴᠢ ᠪᠣᠯᠵᠤ᠂ ᠨᠠᠮ ᠢ ᠰᠠᠨᠠᠭ᠎ᠠ ᠠᠮᠤᠷ᠂ ᠠᠷᠠᠳ | ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |