︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ | ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ | ᠪᠣᠯᠣᠨ᠎ᠠ᠃ | | ᠤᠳᠤᠷᠢᠳᠤᠯᠭ᠎ᠠ ᠶᠢᠨ ᠠᠵᠢᠯᠯᠠᠭ᠎ᠠ | ᠰᠦᠨ ᠱᠣᠸ ᠴᠧᠩ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠪᠡ | 5 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠲᠣᠰ ᠬᠤᠷᠠᠯ ᠢ ᠡᠷᠬᠢᠯᠡᠪᠡ᠃ | | ᠸᠠᠩ ᠯᠢ ᠰᠢᠶᠠ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠴᠠᠭᠠᠪᠠ | 5 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠮᠠᠨ ᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠰᠠᠭ ᠤᠨ ᠶᠠᠪᠤᠳᠠᠯ | ᠤᠨᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠳᠤ ᠬᠦᠷᠴᠦ ᠰᠤᠳᠤᠯᠤᠨ ᠪᠠᠶᠢᠴᠠᠭᠠᠭᠰᠠᠨ ᠪᠥᠭᠡᠳ ᠲᠤᠰᠬᠠᠢ ᠰᠡᠳᠦᠪᠲᠦ ᠬᠤᠷᠠᠯ | ᠬᠤᠷᠠᠯᠳᠤᠭᠤᠯᠵᠠᠢ᠃ ᠪᠦᠦ ᠰᠢᠶᠠᠨ ᠬᠤᠸᠠ ᠲᠣᠰ ᠠᠵᠢᠯᠯᠠᠭ᠎ᠠ ᠳᠤ ᠣᠷᠣᠯᠴᠠᠪᠠ᠃ | |