ᠲᠤᠰᠠᠯᠠᠮᠵᠢ ᠭᠤᠶᠤᠭᠰᠠᠨ ᠲᠦᠮᠡ ᠭᠠᠷᠤᠢ ᠵᠢᠯᠣᠭᠤᠴᠢ ᠳᠤ ᠬᠠᠪᠰᠤᠷᠪᠠ  - ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠵᠠᠩᠭᠠᠨ ᠰᠤᠮᠤ ᠶᠢᠨ ᠸᠧᠢ ᠵᠢᠩ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ ᠭᠠᠩᠪᠣᠯᠣᠳ ᠢ ᠲᠡᠮᠳᠡᠭᠯᠡᠪᠡ
ᠨᠡᠶᠢᠲᠡᠯᠡᠭᠰᠡᠨ ᠴᠠᠭ᠄
2025/5/7
       ︽ᠡᠨᠡ ᠪᠣᠯ ᠥᠴᠥᠭᠡᠳᠦᠷ ᠤᠨ ᠬᠦᠷᠲᠡᠭᠰᠡᠨ ᠢᠷᠠᠭᠤ ᠠᠯᠳᠠᠷ ᠪᠣᠯᠣᠨ᠎ᠠ᠂ ᠲᠠ ᠶᠠᠭᠠᠬᠢᠭ᠍ᠰᠡᠨ ᠴᠤ ᠰᠠᠶᠢᠬᠠᠨ ᠬᠠᠳᠠᠭᠠᠯᠠᠭᠠᠷᠠᠢ᠂ ᠲᠠᠨ ᠤ ᠭᠠᠪᠢᠶ᠎ᠠ ᠪᠠᠶᠢᠨ᠎ᠠ ᠰᠢᠦ︕︾ 4 ᠰᠠᠷ᠎ᠠ ᠶᠢᠨ 25 ᠤ ᠡᠳᠦᠷ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠵᠠᠩᠭᠠᠨ ᠰᠤᠮᠤ ᠶᠢᠨ ᠸᠧᠢ ᠵᠢᠩ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ ᠭᠠᠩᠪᠣᠯᠣᠳ ᠡᠬᠡᠨᠡᠷ ᠲᠡᠭᠡᠨ ᠨᠢᠭᠡ ᠬᠤᠪᠢ ᠣᠨᠴᠠᠭᠠᠶ ᠪᠡᠯᠡᠭ ᠬᠦᠷᠭᠡᠯ᠎ᠡ - ᠡᠨᠡ ᠨᠢ ᠲᠡᠭᠦᠨ ᠤ ᠬᠦᠷᠲᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠦᠨᠡᠮᠯᠡᠯ︾ ᠪᠣᠯᠣᠨ᠎ᠠ᠂ ᠲᠡᠭᠦᠨ ᠤ ᠡᠬᠡᠨᠡᠷ ᠤᠷᠠᠨ᠎ᠠ ᠢᠨᠢᠶᠡᠮᠰᠦᠭᠯᠡᠵᠦ᠂ ᠢᠷᠠᠭᠤ ᠠᠯᠳᠠᠷ ᠤᠨ ᠦᠨᠡᠮᠯᠡᠯ ᠢ ᠨᠢ ᠭᠠᠷᠳᠠᠨ ᠠᠪᠴᠤ ᠨᠣᠮ ᠤᠨ ᠲᠠᠯᠪᠢᠭᠤᠷ ᠳᠡᠭᠡᠷ᠎ᠡ ᠲᠠᠯᠪᠢᠪᠠ᠃       ᠡᠨᠡ ᠵᠢᠯ 47 ᠨᠠᠰᠤᠲᠠᠢ ᠭᠠᠩᠪᠣᠯᠣᠳ ᠪᠠᠰᠠ ᠨᠢᠭᠡᠨ ᠣᠨᠴᠠᠭᠠᠢ ᠪᠡᠶ᠎ᠡ ᠶᠢᠨ ᠭᠠᠷᠤᠯ ᠲᠠᠢ᠂ ᠲᠤᠬᠠᠶᠢᠯᠠᠪᠠᠯ ︽ᠤᠯᠤᠰ ᠤᠨ ᠬᠡᠦᠬᠡᠳ︾ ᠤᠨ ᠬᠤᠶᠢᠴᠢ ᠦᠶ᠎ᠡ ᠪᠣᠯᠣᠨ᠎ᠠ᠃ ᠡᠴᠢᠭᠡ ᠡᠬᠡ ᠨᠢ ᠴᠥᠮ ︽ᠤᠯᠤᠰ ᠤᠨ ᠬᠡᠦᠬᠡᠳ︾ ᠪᠣᠯᠬᠤᠷ ᠭᠡᠷ ᠪᠦᠯᠢ ᠶᠢᠨ ᠬᠥᠮᠦᠵᠢᠯ ᠪᠠ ᠡᠴᠢᠭᠡ ᠡᠬᠡ ᠶᠢᠨ ᠢᠶᠠᠨ ᠨᠥᠯᠥᠭᠡ ᠠᠴᠠ ᠪᠣᠯᠵᠤ᠂ ᠲᠡᠷᠡ ᠪᠠᠷ ᠨᠠᠮ ᠪᠠ ᠤᠯᠤᠰ ᠲᠠᠭᠠᠨ ᠭᠦᠨ ᠵᠤᠵᠠᠭᠠᠨ ᠠᠴᠢ ᠬᠠᠷᠢᠭᠤᠯᠬᠤ ᠰᠡᠳᠬᠢᠯᠭᠡ ᠲᠠᠢ ᠪᠠᠶᠢᠳᠠᠭ᠃       ᠠᠪᠤ ᠡᠵᠢ ᠶᠢᠨ ᠢᠶᠠᠨ ᠦᠷᠬᠦᠯᠵᠢ ᠶᠠᠷᠢᠳᠠᠭ ᠰᠡᠳᠬᠢᠯ ᠳᠣᠭᠳᠣᠯᠤᠭᠤᠯᠤᠮ᠎ᠠ ᠦᠯᠢᠭᠡᠷ ᠢ ᠭᠠᠩᠪᠣᠯᠣᠳ ᠪᠠᠭ᠎ᠠ ᠠᠴᠠ ᠪᠠᠨ ᠤᠯᠠᠨ ᠤᠳᠠᠭ᠎ᠠ ᠰᠣᠨᠣᠰᠴᠠᠢ᠃ ᠠᠪᠤ ᠡᠵᠢ ᠨᠢ᠄ ︽ᠬᠡᠦᠬᠡᠳ ᠠ᠋᠂ ᠨᠠᠮ ᠪᠠ ᠤᠯᠤᠰ ᠠᠴᠠ ᠪᠢᠳᠡᠨ ᠳᠤ ᠣᠷᠣᠰᠢᠨ ᠲᠣᠭᠲᠠᠨᠢᠬᠤ ᠬᠦᠰᠡᠯ ᠡᠷᠡᠮᠡᠯᠵᠡᠯ ᠣᠯᠭᠤᠵᠤ᠂ ᠪᠢᠳᠡᠨ ᠳᠤ ᠥᠨᠥᠳᠥᠷ ᠤᠨ ᠵᠣᠯ ᠵᠢᠷᠭᠠᠯ ᠲᠠᠢ ᠠᠮᠤᠷ ᠲᠣᠭᠲᠠᠭᠤᠨ ᠠᠮᠢᠳᠤᠷᠠᠯ ᠢ ᠡᠳ᠋ᠯᠡᠭᠦᠯᠦᠭᠰᠡᠨ ᠶᠤᠮ᠂ ᠪᠢᠳᠡ ᠡᠨᠡ ᠬᠦ ᠠᠴᠢ ᠡᠨᠡᠷᠢᠯ ᠢ ᠬᠡᠵᠢᠶ᠎ᠡ᠂ ᠬᠠᠮᠢᠭ᠎ᠠ ᠴᠤ ᠭᠡᠰᠡᠨ ᠴᠥᠮ ᠰᠡᠳᠬᠢᠯ ᠳᠡᠭᠡᠨ ᠪᠠᠲᠤ ᠴᠡᠭᠡᠵᠢᠯᠡᠵᠦ᠂ ᠰᠠᠶᠢᠨ ᠬᠥᠮᠥᠨ ᠪᠣᠯᠵᠤ᠂ ᠵᠥᠪ ᠵᠠᠮ ᠢᠶᠠᠷ ᠵᠠᠮᠨᠠᠵᠤ᠂ ᠥᠪᠡᠷ ᠤᠨ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠤᠯᠤᠰ ᠪᠠ ᠨᠡᠶᠢᠭᠡᠮ ᠳᠤ ᠬᠤᠪᠢ ᠨᠡᠮᠡᠷᠢ ᠦᠵᠡᠭᠦᠯᠬᠦ ᠬᠡᠷᠡᠭᠲᠡᠢ︾ ᠭᠡᠵᠦ ᠳᠠᠩᠳᠠ ᠰᠤᠷᠭᠠᠳᠠᠭ᠃ ᠠᠪᠤ ᠡᠵᠢ ᠶᠢᠨ ᠬᠢᠨᠢ ᠰᠤᠷᠭᠠᠯ ᠭᠠᠩᠪᠣᠯᠣᠳ ᠤᠨ ᠰᠡᠳᠬᠢᠯ ᠳᠤ ᠭᠦᠨ ᠬᠠᠳᠠᠩᠰᠢᠵᠠᠢ᠂ ᠲᠡᠷᠡ ᠬᠠᠷᠠᠬᠠᠨ ᠪᠠᠭ᠎ᠠ ᠠᠴᠠ ᠪᠠᠨ ᠥᠪᠡᠷ ᠤᠨ ᠢᠶᠠᠨ ᠴᠢᠳᠠᠯ ᠤᠨ ᠬᠢᠷᠢ ᠳᠣᠲᠣᠷ᠎ᠠ ᠬᠡᠷᠡᠭᠴᠡᠭᠡ ᠲᠠᠢ ᠬᠥᠮᠥᠰ ᠢ ᠬᠠᠪᠰᠤᠷᠴᠤ᠂ ᠨᠤᠲᠤᠭ ᠤᠰᠤᠨ ᠤ ᠪᠠᠨ ᠠᠴᠢ ᠶᠢ ᠬᠠᠷᠢᠭᠤᠯᠤᠨ᠎ᠠ ᠭᠡᠵᠦ ᠵᠣᠷᠢᠭ ᠰᠢᠭᠤᠳᠴᠠᠢ᠃       ᠨᠤᠲᠤᠭ ᠤᠰᠤᠨ ᠤ ᠪᠠᠨ ᠠᠴᠢ ᠶᠢ ᠬᠠᠷᠢᠭᠤᠯᠬᠤ ᠳᠤ ᠡᠷᠳᠡᠮ ᠴᠢᠳᠠᠪᠤᠷᠢ ᠲᠠᠢ ᠬᠥᠮᠥᠨ ᠪᠤᠯᠬᠤ ᠬᠡᠷᠡᠭᠲᠡᠢ᠃ ᠡᠨᠡ ᠲᠠᠯ᠎ᠠ ᠪᠠᠷ ᠭᠠᠩᠪᠣᠯᠣᠳ ᠠᠯᠢ ᠡᠷᠲᠡ ᠪᠡᠯᠡᠳᠬᠡᠯ ᠲᠠᠢ ᠪᠠᠶᠢᠭᠰᠠᠨ ᠠᠵᠢ᠃       ᠭᠠᠩᠪᠣᠯᠣᠳ 1999 ᠣᠨ ᠳᠤ ᠴᠡᠷᠢᠭ ᠲᠤ ᠣᠷᠣᠪᠠ᠂ ᠬᠠᠷᠠᠬᠠᠨ ᠪᠠᠭ᠎ᠠ ᠠᠴᠠ ᠪᠠᠨ ᠴᠠᠬᠢᠯᠭᠠᠨ ᠬᠡᠯᠬᠢᠶ᠎ᠡ ᠶᠢ ᠰᠤᠳᠤᠯᠬᠤ ᠳᠤᠷᠠᠲᠠᠢ ᠳᠡᠷᠡ ᠪᠠᠷ ᠴᠡᠷᠢᠭ ᠠᠩᠭᠢ ᠳᠤ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠮᠠᠰᠢᠨ ᠲᠡᠷᠭᠡ ᠰᠡᠯᠪᠢᠨ ᠵᠠᠰᠠᠬᠤ ᠠᠩᠭᠢ ᠳᠤ ᠬᠤᠪᠢᠶᠠᠭᠳᠠᠨ ᠮᠠᠰᠢᠨ ᠲᠡᠷᠭᠡ ᠰᠡᠯᠪᠢᠨ ᠵᠠᠰᠠᠬᠤ ᠤᠷ᠎ᠠ ᠴᠢᠳᠠᠪᠤᠷᠢ ᠶᠢ ᠰᠤᠷᠴᠤ ᠰᠤᠳᠤᠯᠤᠭᠰᠠᠨ ᠪᠥᠭᠡᠳ ᠮᠠᠰᠢᠨ ᠲᠡᠷᠭᠡ ᠰᠡᠯᠪᠢᠨ ᠵᠠᠰᠠᠬᠤ ᠠᠵᠢᠯᠴᠢᠨ ᠤ ᠬᠢᠷᠢ ᠬᠡᠮ ᠤᠨ ᠦᠨᠡᠮᠯᠡᠯ ᠣᠯᠵᠤ᠂ ᠬᠢᠷᠢ ᠲᠡᠩᠴᠡᠭᠰᠡᠨ ᠮᠠᠰᠢᠨ ᠲᠡᠷᠭᠡ ᠰᠡᠯᠪᠢᠨ ᠵᠠᠰᠠᠬᠤ ᠠᠵᠢᠯᠴᠢᠨ ᠪᠣᠯᠤᠭᠰᠠᠨ ᠪᠠᠶᠢᠨ᠎ᠠ᠃       2001 ᠣᠨ ᠳᠤ ᠭᠠᠩᠪᠣᠯᠣᠳ ᠢᠷᠠᠭᠤ ᠠᠯᠳᠠᠷᠲᠠᠢ ᠪᠠᠷ ᠴᠡᠷᠢᠭ ᠤᠨ ᠠᠯᠪᠠᠨ ᠠᠴᠠ ᠬᠠᠯᠠᠭᠳᠠᠵᠤ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠳᠠᠭᠠᠨ ᠪᠤᠴᠠᠵᠤ ᠮᠠᠰᠢᠨ ᠲᠡᠷᠭᠡ ᠰᠡᠯᠪᠢᠨ ᠵᠠᠰᠠᠬᠤ ᠭᠠᠵᠠᠷ ᠪᠠᠶᠢᠭᠤᠯᠵᠠᠢ᠃ ᠮᠠᠰᠢᠨ ᠲᠡᠷᠭᠡ ᠰᠡᠯᠪᠢᠨ ᠵᠠᠰᠠᠬᠤ ᠭᠠᠵᠠᠷ ᠠᠵᠢᠯᠯᠠᠭᠤᠯᠬᠤ ᠶᠠᠪᠤᠴᠠ ᠳᠠᠭᠠᠨ ᠲᠡᠭᠦᠨ ᠤ ᠨᠤᠲᠤᠭ ᠳᠥᠷᠪᠡᠳ ᠬᠤᠰᠢᠭᠤᠨ ᠤ ᠵᠠᠩᠭᠠᠨ ᠰᠤᠮᠤ ᠶᠢᠨ ᠸᠧᠢ ᠵᠢᠩ ᠭᠠᠴᠠᠭᠠᠨ ᠤ ᠡᠷᠬᠢᠨ ᠲᠣᠭᠤᠷᠢᠨ ᠳᠤ ᠲᠤᠬᠠᠢ ᠶᠢᠨ ᠦᠶ᠎ᠡ ᠳᠤ ᠬᠠᠶᠢᠷ ᠴᠢᠯᠠᠭᠤᠨ ᠵᠠᠮ ᠪᠠᠶᠢᠭᠰᠠᠨ ᠪᠥᠭᠡᠳ ᠡᠩᠬᠦᠯ ᠳᠤᠩᠬᠤᠯ ᠪᠠᠶᠢᠵᠤ᠂ ᠨᠠᠭᠠᠰᠢ ᠴᠠᠭᠠᠰᠢ ᠶᠠᠪᠤᠬᠤ ᠲᠡᠷᠭᠡ ᠬᠥᠰᠬᠡ ᠨᠢ ᠦᠷᠭᠦᠯᠵᠢ ᠬᠠᠰᠢᠭᠳᠠᠵᠤ ᠪᠠᠶᠢᠭᠰᠠᠨ ᠤ ᠳᠡᠭᠡᠷ᠎ᠡ ᠬᠢᠯᠢ ᠬᠢᠵᠠᠭᠠᠷ ᠭᠠᠵᠠᠷ ᠠᠭᠤᠳᠠᠮ ᠬᠥᠮᠥᠨ ᠴᠥᠭᠡᠨ ᠪᠣᠯᠬᠤᠷ ᠬᠠᠰᠢᠭᠳᠠᠭᠰᠠᠨ ᠲᠡᠷᠭᠡ ᠶᠢ ᠰᠡᠯᠪᠢᠨ ᠵᠠᠰᠠᠬᠤ ᠳᠤ ᠲᠤᠩ ᠳᠥᠭᠦᠮ ᠦᠭᠡᠢ ᠪᠠᠶᠢᠭᠰᠠᠨ ᠢ ᠭᠠᠩᠪᠣᠯᠣᠳ ᠣᠯᠵᠤ ᠮᠠᠲᠠᠵᠠᠢ᠃ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠬᠦ ᠶᠢᠨ ᠲᠥᠯᠥᠭᠡ᠂ ᠭᠠᠩᠪᠣᠯᠣᠳ ᠤᠯᠠᠭᠠᠨᠬᠤᠸᠠ ᠪᠠᠯᠭᠠᠰᠤᠨ ᠳᠠᠬᠢ ᠬᠠᠷᠢᠴᠠᠩᠭᠤᠢ ᠲᠠᠭᠠᠯᠠᠮᠵᠢᠲᠠᠢ ᠠᠮᠢᠳᠤᠷᠠᠯ ᠢᠶᠠᠨ ᠰᠢᠭᠤᠷᠬᠠᠢ ᠲᠠᠶᠠᠭᠳᠠᠵᠤ᠂ ᠵᠠᠩᠭᠠᠨ ᠰᠤᠮᠤ ᠶᠢᠨ ᠸᠧᠢ ᠵᠢᠩ ᠭᠠᠴᠠᠭ᠎ᠠ ᠳᠠᠭᠠᠨ ᠪᠤᠴᠠᠵᠤ ᠢᠷᠡᠪᠡ᠃ ᠡᠭᠦᠨ ᠤ ᠵᠡᠷᠭᠡᠪᠡᠷ ᠲᠡᠷᠡ ᠨᠢᠭᠡ ᠰᠠᠤᠷᠢ ᠭᠠᠷ ᠳᠠᠮᠵᠢᠭᠰᠠᠨ ᠮᠠᠰᠢᠨ ᠲᠡᠷᠭᠡ ᠬᠤᠳᠠᠯᠳᠤᠨ ᠠᠪᠴᠤ᠂ ᠲᠡᠷᠭᠡᠨ ᠳᠡᠭᠡᠷ᠎ᠡ ᠪᠠᠨ ᠮᠠᠰᠢᠨ ᠲᠡᠷᠭᠡ ᠰᠡᠯᠪᠢᠨ ᠵᠠᠰᠠᠬᠤ ᠲᠥᠬᠦᠭᠡᠷᠦᠮᠵᠢ ᠲᠣᠬᠢᠷᠠᠭᠤᠯᠪᠠ᠂ ᠡᠶᠢᠨ ᠬᠦ ᠨᠢᠭᠡ ᠳᠥᠭᠦᠮᠬᠡᠨ ᠠᠪᠤᠷᠠᠨ ᠲᠤᠰᠠᠯᠠᠬᠤ ᠦᠢᠯᠡᠴᠢᠯᠡᠭᠡᠨ ᠤ ᠨᠡᠭᠦᠳᠡᠯ ᠲᠡᠷᠭᠡ ᠬᠢᠯᠢ ᠶᠢᠨ ᠱᠤᠭᠤᠮ ᠳᠡᠭᠡᠷ᠎ᠡ ᠬᠠᠰᠢᠭᠳᠠᠭᠰᠠᠨ ᠲᠡᠷᠭᠡᠳ ᠤᠨ ᠳᠡᠷᠭᠡᠳᠡ ᠳᠠᠩᠳᠠ ᠢᠯᠡᠷᠡᠳᠡᠭ ᠪᠣᠯᠣᠯ᠎ᠠ᠃       ᠣᠯᠠᠨ ᠵᠢᠯ ᠤᠨ ᠠᠪᠤᠷᠠᠨ ᠲᠤᠰᠠᠯᠠᠬᠤ ᠶᠠᠪᠤᠴᠠ ᠳᠠᠭᠠᠨ ᠭᠠᠩᠪᠣᠯᠣᠳ ᠴᠥᠭᠡᠨ ᠪᠤᠰᠤ ᠬᠥᠮᠥᠰ ᠲᠠᠢ ᠨᠠᠶᠢᠵᠠᠯᠠᠵᠠᠢ᠂ ᠨᠢᠩᠰᠢᠶᠠ ᠶᠢᠨ ᠬᠤᠳᠠᠯᠳᠤᠭᠠᠴᠢᠨ ᠬᠤᠸᠠᠩ ᠬᠤᠶ ᠹᠧᠩ ᠪᠣᠯ ᠲᠡᠳᠡᠭᠡᠷ ᠤᠨ ᠳᠣᠲᠣᠷᠠᠬᠢ ᠨᠢᠭᠡ ᠨᠢ ᠪᠣᠯᠣᠨ᠎ᠠ᠃ 4 ᠰᠠᠷ᠎ᠠ ᠶᠢᠨ 21 ᠤ ᠡᠳᠦᠷ᠂ ᠬᠤᠸᠠᠩ ᠬᠤᠢ ᠹᠧᠩ ᠨᠠᠷ ᠭᠤᠷᠪᠠᠭᠤᠯᠠ ᠮᠠᠰᠢᠨ ᠲᠡᠷᠭᠡ ᠵᠢᠯᠣᠭᠤᠳᠤᠨ ᠵᠡᠭᠦᠨ ᠬᠠᠲᠠᠪᠴᠢ ᠪᠣᠭᠤᠮᠲᠠ ᠠᠴᠠ ᠢᠷᠭᠠᠢ ᠵᠦᠭ ᠮᠣᠷᠳᠠᠵᠠᠢ᠂ ᠲᠤᠰ ᠡᠳᠦᠷ ᠤᠨ ᠣᠷᠣᠢ ᠶᠢᠨ 8 ᠴᠠᠭ ᠲᠤ ᠮᠠᠰᠢᠨ ᠲᠡᠷᠭᠡ ᠨᠢ ᠳᠥᠷᠪᠡᠳ ᠬᠤᠰᠢᠭᠤᠨ ᠤ ᠬᠢᠯᠢ ᠳᠣᠲᠣᠷᠠᠬᠢ G 331 ᠤᠯᠤᠰ ᠤᠨ ᠵᠠᠮ ᠬᠦᠷᠬᠦ ᠦᠶᠡᠰ᠂ ᠲᠡᠷᠭᠡᠨ ᠤ ᠲᠣᠰᠣ ᠨᠢ ᠵᠥᠪᠬᠡᠨ 100 ᠭᠠᠷᠤᠢ ᠺᠢᠯᠣᠮᠧᠲᠷ ᠠᠶᠠᠯᠠᠵᠤ ᠳᠡᠶᠢᠯᠬᠦ ᠬᠡᠮᠵᠢᠶ᠎ᠡ ᠦᠯᠡᠳᠡᠭᠡᠳ ᠪᠠᠶᠢᠬᠤ ᠳᠣᠬᠢᠶ᠎ᠠ ᠲᠣᠳᠣᠷᠠᠪᠠ᠂ ᠭᠡᠲᠡᠯ᠎ᠡ ᠲᠣᠰᠣ ᠨᠡᠮᠡᠬᠦ ᠦᠷᠳᠡᠭᠡ ᠬᠦᠷᠳᠡᠯ᠎ᠡ ᠪᠠᠰᠠ 200 ᠭᠠᠷᠤᠢ ᠺᠢᠯᠣᠮᠧᠲᠷ ᠶᠠᠪᠤᠬᠤ ᠬᠡᠷᠡᠭᠲᠡᠢ ᠪᠠᠶᠢᠪᠠ᠃       ︽ᠪᠢᠳᠡ ᠶᠠᠭ ᠲᠣᠰᠣᠨ ᠤ ᠤᠴᠢᠷ ᠲᠤ ᠵᠣᠪᠠᠵᠤ ᠪᠠᠶᠢᠲᠠᠯ᠎ᠠ᠂ ᠭᠡᠨᠡᠳᠲᠡ ᠵᠠᠮ ᠤᠨ ᠬᠠᠵᠠᠭᠤ ᠳᠤ ᠨᠢᠭᠡ ︿ᠵᠢᠯᠣᠭᠤᠴᠢ ᠶᠢᠨ ᠭᠡᠷ﹀ ᠭᠡᠬᠦ ᠫᠠᠶᠢᠰᠠ ᠬᠠᠷᠠᠭᠳᠠᠵᠠᠢ᠂ ᠲᠡᠭᠡᠭᠡᠳ ᠪᠢᠳᠡ ︿ᠵᠢᠯᠣᠭᠤᠴᠢ ᠶᠢᠨ ᠭᠡᠷ﹀ ᠲᠤ ᠬᠦᠷᠴᠦ ᠲᠣᠰᠣ ᠨᠡᠮᠡᠬᠦ ᠠᠷᠭ᠎ᠠ ᠣᠯᠳᠠᠬᠤ ᠡᠰᠡᠬᠦ ᠶᠢ ᠦᠵᠡᠬᠦ ᠪᠠᠷ ᠪᠣᠯᠪᠠ᠃ ᠲᠡᠨᠳᠡ ᠬᠦᠷᠦᠭᠰᠡᠨ ᠤ ᠳᠠᠷᠠᠭ᠎ᠠ᠂ ᠪᠢᠳᠡ ᠨᠢᠭᠡ ᠨᠠᠰᠤᠲᠠᠨ ᠢᠶᠠᠷ ᠳᠠᠮᠵᠢᠨ ᠭᠠᠩᠪᠣᠯᠣᠳ ᠢ ᠡᠷᠢᠵᠦ ᠣᠯᠪᠠ᠂ ᠲᠡᠷᠡ ᠪᠠᠷᠢᠨ ᠳᠣᠣᠷ᠎ᠠ ᠪᠠᠨ ᠪᠢᠳᠡᠨ ᠳᠤ ᠨᠢᠭᠡ ᠲᠣᠰᠣ ᠨᠡᠮᠡᠬᠦ ᠭᠠᠵᠠᠷ ᠣᠯᠵᠤ ᠥᠭᠭᠦᠨ᠂ ᠪᠢᠳᠡᠨ ᠢ ᠬᠠᠪᠰᠤᠷᠴᠤ ᠬᠦᠴᠢᠷᠳᠡᠯ ᠢ ᠰᠢᠢᠳᠪᠦᠷᠢᠯᠡᠪᠡ᠃ ᠲᠡᠷᠡ ᠦᠶᠡᠰ ᠨᠢᠭᠡᠨᠲᠡ ᠣᠷᠣᠢ ᠶᠢᠨ 11 ᠴᠠᠭ ᠪᠣᠯᠴᠢᠬᠠᠵᠠᠢ᠂ ᠪᠢᠳᠡ 100 ᠲᠥᠭᠦᠷᠢᠭ ᠭᠠᠷᠭᠠᠨ ᠥᠭᠴᠦ ᠭᠠᠩᠪᠣᠯᠣᠳ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠳᠤ ᠲᠡᠷᠡ ᠶᠠᠭᠠᠬᠢᠭᠰᠠᠨ ᠴᠤ ᠵᠣᠭᠤᠰ ᠢ ᠬᠤᠷᠢᠶᠠᠬᠤ ᠦᠭᠡᠢ ᠪᠠᠶᠢᠵᠤ᠂ ︿ᠪᠢ ᠵᠣᠭᠤᠰ ᠤᠨ ᠲᠥᠯᠥᠭᠡ ᠲᠠ ᠨᠠᠷ ᠢ ᠬᠠᠪᠰᠤᠷᠤᠭᠰᠠᠨ ᠪᠢᠰᠢ﹀ ᠭᠡᠪᠡ︾ ᠭᠡᠵᠦ ᠬᠤᠸᠠᠩ ᠬᠤᠢ ᠹᠧᠩ ᠬᠡᠯᠡᠵᠦ ᠪᠠᠶᠢᠪᠠ᠃       ᠲᠤᠰᠠᠯᠠᠮᠵᠢ ᠭᠤᠶᠣᠭᠰᠠᠨ ᠤᠲᠠᠰᠤ ᠢᠷᠡᠪᠠᠯ ᠭᠠᠩᠪᠣᠯᠣᠳ ᠡᠳᠦᠷ ᠰᠥᠨᠢ ᠢᠯᠭᠠᠯ ᠦᠭᠡᠢ᠂ ᠲᠡᠭᠷᠢ ᠬᠡᠳᠦᠢ ᠮᠠᠭᠤᠬᠠᠢ ᠪᠠᠶᠢᠭᠰᠠᠨ ᠴᠤ ᠬᠠᠮᠢᠶᠠᠷᠤᠯ ᠦᠭᠡᠢ᠂ ᠠᠪᠤᠷᠠᠨ ᠲᠤᠰᠠᠯᠠᠬᠤ ᠪᠠᠷ ᠳᠠᠷᠤᠶᠢᠬᠠᠨ ᠮᠣᠷᠳᠠᠵᠤ᠂ ᠲᠡᠳᠡᠭᠡᠷ ᠲᠤᠰᠠᠯᠠᠮᠵᠢ ᠬᠦᠷᠳᠡᠬᠦ ᠴᠢᠬᠤᠯᠠᠲᠠᠢ ᠬᠥᠮᠥᠰ ᠲᠤ ᠬᠠᠪᠰᠤᠷᠳᠠᠭ᠃       ᠤᠯᠠᠨ ᠵᠢᠯ ᠤᠨ ᠲᠤᠷᠰᠢ᠂ 160 ᠭᠠᠷᠤᠢ ᠺᠢᠯᠣᠮᠧᠲᠷ ᠤᠷᠳᠤ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠬᠡᠪᠴᠢᠶᠡᠨ ᠳᠤ᠂ ᠭᠠᠩᠪᠣᠯᠣᠳ 1.2 ᠲᠦᠮᠡ ᠭᠠᠷᠤᠢ ᠠᠪᠤᠷᠠᠨ ᠲᠤᠰᠠᠯᠠᠬᠤ ᠴᠢᠬᠤᠯᠠᠲᠠᠢ ᠮᠠᠰᠢᠨ ᠲᠡᠷᠭᠡ ᠳᠤ ᠬᠠᠪᠰᠤᠷᠤᠯᠭ᠎ᠠ ᠦᠵᠡᠭᠦᠯᠵᠦ᠂ ᠬᠢᠯᠢ ᠶᠢᠨ ᠱᠤᠭᠤᠮ ᠳᠡᠭᠡᠷ᠎ᠡ ᠬᠡᠪ ᠤᠨ ᠪᠤᠰᠤ ᠠᠭᠤᠷ ᠠᠮᠢᠰᠬᠤᠯ ᠳᠤ ᠬᠠᠰᠢᠭᠳᠠᠭᠰᠠᠨ 35 ᠵᠢᠯᠣᠭᠤᠴᠢ ᠶᠢᠨ ᠠᠶᠤᠯ ᠲᠦᠭᠰᠢᠭᠦᠷᠢ ᠶᠢ ᠠᠮᠤᠷ ᠲᠦᠪᠰᠢᠨ ᠪᠣᠯᠭᠠᠨ ᠬᠤᠪᠢᠷᠠᠭᠤᠯᠪᠠ᠃ ᠲᠡᠷᠡ ᠪᠠᠰᠠ ᠡᠷᠬᠢᠨ ᠲᠣᠭᠤᠷᠢᠨ ᠤ 5 ᠰᠤᠮᠤ ᠶᠢᠨ 27 ᠭᠠᠴᠠᠭᠠᠨ ᠤ 8400 ᠭᠠᠷᠤᠢ ᠲᠡᠭᠰᠢ ᠳᠥᠷᠪᠡᠯᠵᠢᠨ ᠺᠢᠯᠣᠮᠧᠲᠷ ᠤᠨ ᠳᠣᠲᠣᠷᠠᠬᠢ 430 ᠭᠠᠷᠤᠢ ᠮᠠᠯᠴᠢᠨ ᠢ ᠬᠠᠪᠰᠤᠷᠤᠨ ᠡᠯ᠎ᠡ ᠵᠦᠢᠯ ᠤᠨ ᠲᠡᠷᠭᠡ ᠬᠥᠰᠬᠡ ᠶᠢ ᠨᠢ ᠰᠡᠯᠪᠢᠨ ᠵᠠᠰᠠᠵᠤ᠂ ᠤᠯᠠᠨ ᠲᠦᠮᠡᠨ ᠤ ᠲᠤᠯᠭᠠᠮ ᠠᠰᠠᠭᠤᠳᠠᠯ ᠢ ᠨᠢ ᠰᠢᠢᠳᠪᠦᠷᠢᠯᠡᠵᠡᠢ᠃       ᠵᠠᠮ ᠳᠡᠭᠡᠷ᠎ᠡ ᠠᠪᠤᠷᠠᠨ ᠲᠤᠰᠠᠯᠠᠬᠤ ᠠᠴᠠ ᠭᠠᠳᠠᠨ᠎ᠠ᠂ ᠭᠠᠩᠪᠣᠯᠣᠳ ᠪᠠᠰᠠ ᠲᠤᠬᠠᠢ ᠶᠢᠨ ᠭᠠᠵᠠᠷ ᠤᠨ ᠮᠠᠯᠴᠢᠳ ᠤᠨ ᠰᠡᠳᠬᠢᠯ ᠳᠠᠬᠢ ︽ᠰᠡᠳᠬᠢᠯ ᠢ ᠳᠤᠯᠠᠭᠠᠴᠠᠭᠤᠯᠤᠭᠴᠢ︾ ᠪᠣᠯᠵᠤ᠂ ᠶᠡᠭᠡ ᠠᠴᠠ ᠥᠨᠳᠥᠷ ᠬᠦᠴᠦᠳᠡᠯᠲᠦ ᠴᠠᠬᠢᠯᠭᠠᠨ ᠳᠤ ᠠᠰᠠᠭᠤᠳᠠᠯ ᠭᠠᠷᠬᠤ᠂ ᠲᠠᠷᠢᠶᠠᠯᠠᠩ ᠳᠤ ᠬᠡᠷᠡᠭᠯᠡᠬᠦ ᠮᠠᠰᠢᠨ ᠳᠤ ᠭᠡᠮᠲᠦᠯ ᠭᠠᠷᠬᠤ ᠂ ᠪᠠᠭ᠎ᠠ ᠠᠴᠠ ᠪᠤᠳᠠᠭ᠎ᠠ ᠴᠢᠨᠠᠬᠤ ᠴᠠᠬᠢᠯᠭᠠᠨ ᠲᠣᠭᠤᠭ᠎ᠠ ᠡᠪᠳᠡᠷᠡᠬᠦ᠂ ᠡᠭᠦᠳᠡ ᠴᠣᠩᠬᠤ ᠪᠠᠨ ᠬᠠᠭᠠᠵᠤ ᠳᠡᠶᠢᠯᠬᠦ ᠦᠭᠡᠢ ᠪᠤᠯᠬᠤ ᠵᠡᠷᠭᠡ ᠤᠴᠢᠷ ᠶᠠᠪᠤᠳᠠᠯ ᠢ ᠰᠢᠢᠳᠪᠦᠷᠢᠯᠡᠬᠦ ᠳᠤ ᠲᠤᠰᠠᠯᠠᠵᠤ᠂ ᠮᠠᠯᠴᠢᠳ ᠬᠦᠴᠢᠷᠳᠡᠯ ᠲᠤᠯᠭᠠᠷᠠᠮᠠᠭᠴᠠ ᠶᠠᠭᠤᠨ ᠤ ᠡᠮᠦᠨ᠎ᠡ ᠲᠡᠭᠦᠨ ᠢ ᠪᠤᠳᠤᠵᠤ ᠣᠯᠳᠠᠭ᠃       ᠸᠧᠢ ᠵᠢᠩ ᠭᠠᠴᠠᠭᠠᠨ ᠤ ᠬᠢᠯᠢ ᠶᠢᠨ ᠬᠠᠮᠠᠭᠠᠯᠠᠭᠴᠢ ᠵᠠᠩ ᠭᠧᠨ ᠵᠦ᠄ ︽ᠪᠢ ᠪᠣᠯ ᠭᠠᠩᠪᠣᠯᠣᠳ ᠤᠨ ᠬᠠᠮᠲᠤ ᠠᠵᠢᠯᠯᠠᠭᠴᠢ᠂ ᠲᠡᠭᠦᠨ ᠤ ᠨᠠᠷᠢᠨ ᠬᠢᠨᠠᠮᠠᠭᠠᠢ ᠠᠵᠢᠯ ᠤᠨ ᠣᠪᠣᠷ ᠢ ᠪᠢ ᠲᠤᠶᠢᠯ ᠢᠶᠠᠷ ᠮᠠᠭᠲᠠᠨ ᠰᠠᠶᠢᠰᠢᠶᠠᠵᠤ ᠪᠠᠶᠢᠨ᠎ᠠ᠂ ᠲᠡᠷᠡ ᠮᠠᠨ ᠤ ᠡᠷᠬᠢᠨ ᠲᠣᠭᠤᠷᠢᠨ ᠤ ᠮᠠᠯᠴᠢᠳ ᠢ ᠮᠠᠰᠢ ᠤᠯᠠᠨ ᠤᠳᠠᠭ᠎ᠠ ᠬᠠᠪᠰᠤᠷᠴᠠᠢ᠃ ᠨᠢᠳᠤᠨᠤᠨ ᠡᠪᠦᠯ ᠮᠠᠰᠢ ᠬᠦᠢᠲᠡᠨ ᠪᠠᠶᠢᠵᠤ᠂ ᠲᠡᠷᠡ ᠶᠡᠭᠡ ᠴᠠᠰᠤᠨ ᠳᠤ ᠬᠠᠰᠢᠭᠳᠠᠭᠰᠠᠨ ᠲᠡᠷᠭᠡ ᠶᠢ ᠠᠪᠤᠷᠠᠬᠤ ᠭᠡᠳ ᠬᠤᠶᠠᠷ ᠭᠠᠷ ᠨᠢ ᠬᠥᠯᠳᠡᠵᠦ ᠬᠠᠪᠤᠳᠤᠭᠰᠠᠨ ᠪᠠᠶᠢᠲᠠᠯ᠎ᠠ ᠶᠠᠮᠠᠷ ᠴᠦ ᠭᠤᠮᠣᠳᠠᠯ ᠤᠨ ᠦᠭᠡ ᠦᠭᠡᠢ ᠪᠠᠶᠢᠯ᠎ᠠ᠃ ᠲᠡᠭᠦᠨ ᠤ ᠠᠪᠤᠷᠠᠨ ᠲᠤᠰᠠᠯᠠᠯᠲᠠ ᠨᠢ ᠬᠠᠮᠤᠭ ᠤᠨ ᠬᠤᠯᠠ ᠳᠠᠭᠠᠨ 200 ᠺᠢᠯᠣᠮᠧᠲᠷ ᠬᠤᠯᠠ ᠪᠠᠶᠢᠭ᠎ᠠ ᠪᠤᠭᠤᠲᠤ ᠶᠢᠨ ᠮᠠᠨᠳᠤᠯ ᠳᠤ ᠬᠦᠷᠦᠭᠰᠡᠨ ᠪᠠᠶᠢᠳᠠᠭ︾ ᠭᠡᠵᠦ ᠬᠡᠯᠡᠪᠡ᠃       ᠭᠠᠩᠪᠣᠯᠣᠳ ᠥᠪᠡᠷ ᠪᠡᠶ᠎ᠡ ᠪᠠᠨ ᠤᠮᠠᠷᠲᠠᠵᠤ ᠤᠯᠠᠨ ᠨᠡᠶᠢᠳᠡ ᠶᠢᠨ ᠲᠥᠯᠥᠭᠡ ᠰᠢᠷᠭᠠᠭᠤ ᠬᠥᠳᠡᠯᠮᠦᠷᠢᠯᠡᠨ᠂ ᠭᠤᠶᠠᠴᠢ ᠦᠭᠡᠢ ᠵᠢᠳᠬᠦᠭᠰᠡᠨ ᠨᠢ ᠠᠷᠤ ᠭᠡᠷ ᠤᠨ ᠬᠢᠨᠢ ᠳᠡᠮᠵᠢᠯᠭᠡ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠲᠡᠭᠦᠨ ᠤ ᠭᠡᠷᠭᠡᠢ ᠨᠢ ᠤᠷᠠᠨ᠎ᠠ᠄ ︽ᠬᠤᠶᠢᠰᠢᠳᠠ ᠪᠢ ᠲᠡᠭᠦᠨ ᠤ ᠰᠠᠶᠢᠨ ᠬᠥᠮᠥᠨ ᠤ ᠰᠠᠶᠢᠨ ᠦᠢᠯᠡ ᠶᠠᠪᠤᠳᠠᠯ ᠬᠢᠬᠦ ᠶᠢ ᠦᠷᠭᠦᠯᠵᠢᠯᠡᠨ ᠲᠡᠮᠵᠢᠨ᠎ᠠ︾ ᠭᠡᠪᠡ᠃ ᠭᠠᠩᠪᠣᠯᠣᠳ᠄ ︽ᠦᠨᠡᠨ ᠢ ᠬᠡᠯᠡᠬᠦ ᠳᠤ᠂ ᠮᠢᠨᠤ ᠥᠨᠥᠳᠥᠷ ᠤᠨ ᠠᠮᠵᠢᠯᠲᠠ ᠪᠦᠲᠦᠮᠵᠢ ᠭᠡᠷᠭᠡᠢ ᠶᠢᠨ ᠮᠢᠨᠢ ᠭᠠᠪᠢᠶ᠎ᠠ ᠵᠢᠳᠬᠦᠯ ᠠᠴᠠ ᠰᠠᠯᠵᠤ ᠴᠢᠳᠠᠬᠤ ᠦᠭᠡᠢ᠂ ᠵᠠᠷᠢᠮ ᠳᠠᠭᠠᠨ ᠠᠪᠤᠷᠠᠨ ᠲᠤᠰᠠᠯᠠᠬᠤ ᠪᠠᠷ ᠰᠥᠨᠢ ᠳᠦᠯᠢ ᠪᠠᠷ ᠨᠠᠭᠠᠰᠢ ᠴᠠᠭᠠᠰᠢ ᠶᠠᠪᠤᠬᠤ ᠳᠤ ᠨᠠᠮᠠᠶᠢ ᠵᠠᠮ ᠳᠠᠭᠠᠨ ᠤᠨᠲᠠᠬᠤ ᠠᠴᠠ ᠠᠶᠤᠭᠠᠳ ᠲᠡᠷᠡ ᠨᠠᠳᠠ ᠳᠤ ᠬᠠᠨᠢ ᠪᠣᠯᠵᠤ ᠵᠠᠮ ᠲᠤᠷᠰᠢ ᠰᠠᠨᠠᠭᠤᠯᠵᠤ ᠶᠠᠪᠤᠳᠠᠭ︕︾ ᠭᠡᠵᠦ ᠭᠠᠩᠪᠣᠯᠣᠳ ᠨᠥᠬᠦᠵᠦ ᠬᠡᠯᠡᠪᠡ᠃       ᠣᠯᠠᠨ ᠵᠢᠯ ᠤᠨ ᠲᠤᠷᠰᠢ ᠭᠠᠩᠪᠣᠯᠣᠳ ᠰᠢᠷᠭᠠᠭᠤ ᠬᠥᠳᠡᠯᠮᠦᠷᠢ ᠪᠠᠷ ᠢᠶᠠᠨ ᠮᠠᠰᠢ ᠣᠯᠠᠨ ᠢᠷᠠᠭᠤ ᠠᠯᠳᠠᠷ ᠬᠦᠷᠲᠡᠵᠡᠢ᠂ ᠡᠭᠦᠨ ᠳᠤ 2024 ᠣᠨ ᠤ ᠳᠥᠷᠪᠡᠳᠦᠭᠡᠷ ᠤᠯᠠᠷᠢᠯ ᠤᠨ ︽ᠳᠤᠮᠳᠠᠳᠤ ᠤᠯᠤᠰ ᠤᠨ ᠰᠠᠶᠢᠨ ᠬᠥᠮᠥᠨ ᠤ ᠨᠡᠷᠡᠰ · ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠰᠠᠶᠢᠨ ᠬᠥᠮᠥᠨ︾ ︽ᠠᠷᠪᠠᠳᠤᠭᠠᠷ ᠪᠦᠯᠦᠭ ᠤᠨ ᠪᠥᠬᠦ ᠤᠯᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠯᠧᠢ ᠹᠧᠩ ᠠᠴᠠ ᠰᠤᠷᠤᠯᠴᠠᠭᠰᠠᠨ ᠪᠢᠶᠤᠤᠪᠢᠩ︾ ᠵᠡᠷᠭᠡ ᠱᠠᠩᠨᠠᠯ ᠬᠥᠬᠢᠭᠦᠯᠦᠯ ᠪᠠᠶᠢᠳᠠᠭ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠭᠰᠡᠨ ᠨᠢ ᠭᠠᠩᠪᠣᠯᠣᠳ ᠲᠤ ᠠᠪᠴᠤ ᠬᠡᠯᠡᠪᠡᠯ ᠪᠠᠰᠠ ᠨᠢᠭᠡᠨ ᠰᠢᠨ᠎ᠡ ᠡᠬᠢᠯᠡᠯᠲᠡ ᠪᠠᠶᠢᠯ᠎ᠠ᠃ ᠲᠡᠷᠡ᠄ ︽︿ᠤᠯᠤᠰ ᠤᠨ ᠬᠡᠦᠬᠡᠳ﹀ ᠤᠨ ᠦᠷ᠎ᠡ ᠬᠤᠶᠢᠴᠢ ᠪᠣᠯᠤᠭᠰᠠᠨ ᠤ ᠬᠤᠪᠢ ᠳᠤ᠂ ᠪᠢ ᠨᠡᠶᠢᠭᠡᠮ ᠳᠤ ᠠᠴᠢ ᠬᠠᠷᠢᠭᠤᠯᠵᠤ᠂ ᠤᠯᠤᠰ ᠤᠨ ᠠᠴᠢ ᠶᠢ ᠬᠠᠷᠢᠭᠤᠯᠬᠤ ᠬᠠᠷᠢᠭᠤᠴᠠᠯᠭ᠎ᠠ ᠲᠠᠢ᠂ ᠪᠢ ᠬᠥᠳᠡᠯᠮᠦᠷᠢ ᠶᠢᠨ ᠵᠢᠱᠢᠶᠡᠴᠢ ᠶᠢᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠨᠡᠩ ᠤᠯᠠᠨ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠲᠤ ᠬᠠᠪᠰᠤᠷᠤᠨ᠎ᠠ︾ ᠭᠡᠵᠦ ᠪᠠᠶᠢᠯ᠎ᠠ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ