︽ᠯᠢ ᠠᠪᠠᠭ᠋ᠠᠢ᠂ ᠲᠠ ᠰᠠᠶᠢᠨ ᠤᠤ᠃ ᠪᠢ ᠪᠣᠯ ᠶᠤᠸᠠᠨ ᠲᠦᠩ ᠲᠦᠷᠭᠡᠨ ᠬᠦᠷᠭᠡᠯᠲᠡ ᠶᠢᠨ ᠲᠦᠷᠭᠡᠨ ᠬᠦᠷᠭᠡᠭᠴᠢ ᠪᠣᠯᠣᠨ᠎ᠠ᠂ ᠲᠠᠨ ᠤ ᠵᠠᠬᠢᠶᠠᠯᠠᠭᠰᠠᠨ | ᠶᠠᠭᠤᠮ᠎ᠠ ᠶᠢ ᠬᠦᠷᠭᠡᠵᠦ ᠢᠷᠡᠯ᠎ᠡ᠂ ᠪᠢ ᠣᠳᠣ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠤ ᠪᠠᠶᠢᠨ᠎ᠠ ᠁︾ ᠡᠳᠦᠷ ᠪᠦᠷᠢ ᠨᠠᠭᠠᠲᠤ ᠵᠠᠬ᠎ᠠ ᠨᠢ 300 | ᠤᠳᠠᠭ᠎ᠠ ᠤᠲᠠᠰᠤᠳᠠᠳᠠᠭ ᠴᠦ ᠯᠢ ᠰᠢᠶᠣᠣ ᠸᠠᠩ ᠤᠨ ᠲᠠᠭᠤᠨ ᠥᠩᠭᠡ ᠨᠢ ᠬᠡᠵᠢᠶᠡᠳᠡ ᠲᠠᠯᠪᠢᠭᠤ ᠮᠥᠷᠲᠡᠭᠡᠨ ᠪᠠᠶᠠᠷᠲᠠᠢ ᠪᠠᠶᠢᠳᠠᠭ᠃ | ᠲᠦᠷᠭᠡᠨ ᠬᠦᠷᠭᠡᠯᠲᠡ ᠶᠢᠨ ᠠᠵᠢᠯ ᠢ ᠬᠢᠭᠰᠡᠨ 8 ᠵᠢᠯ ᠳᠤ᠂ ᠰᠠᠷ᠎ᠠ ᠪᠦᠷᠢ 3000 ᠵᠠᠬᠢᠶᠠᠯᠠᠭ᠎ᠠ ᠬᠦᠷᠭᠡᠵᠦ᠂ 300 ᠵᠠᠬᠢᠶᠠᠯᠠᠭ᠎ᠠ ᠬᠤᠷᠢᠶᠠᠨ ᠠᠪᠳᠠᠭ | ᠪᠠᠶᠢᠭᠰᠠᠨ ᠠᠴᠠ ᠣᠲᠣ ᠪᠤᠯᠬᠤ ᠳᠤ ᠰᠠᠷ᠎ᠠ ᠪᠦᠷᠢ 10000 ᠵᠠᠬᠢᠶᠠᠯᠠᠭ᠎ᠠ ᠬᠦᠷᠭᠡᠵᠦ᠂ 3000 ᠵᠠᠬᠢᠶᠠᠯᠠᠭ᠎ᠠ ᠬᠤᠷᠢᠶᠠᠨ ᠠᠪᠴᠤ᠂ ᠭᠠᠷ ᠤᠨ ᠥᠰᠥᠭ ᠵᠢᠷᠤᠵᠤ | ᠬᠤᠷᠢᠶᠠᠨ ᠠᠪᠤᠭᠰᠠᠨ ᠨᠣᠷᠮ᠎ᠠ 99% ᠳᠤ ᠬᠦᠷᠴᠦ᠂ ᠬᠡᠷᠡᠭᠯᠡᠭᠴᠢᠳ ᠤᠨ ᠰᠠᠶᠢᠨ ᠦᠨᠡᠯᠡᠯᠲᠡ ᠶᠢᠨ ᠨᠣᠷᠮ᠎ᠠ 100% ᠳᠤ ᠬᠦᠷᠴᠦ᠂ ᠥᠪᠥᠷ ᠮᠣᠩᠭᠤᠯ ᠤᠨ ᠶᠤᠸᠠᠨ | ᠲᠦᠩ ᠲᠦᠷᠭᠡᠨ ᠬᠦᠷᠭᠡᠯᠲᠡ ᠶᠢᠨ ᠰᠢᠰᠲ᠋ᠧᠮ ᠤᠨ ᠬᠢᠨ ᠤ ᠳᠣᠲᠣᠷ᠎ᠠ ᠵᠢᠯ ᠲᠤᠷᠰᠢ ᠲᠡᠷᠢᠭᠦᠯᠡᠳᠡᠭ ᠪᠣᠯᠪᠠ᠃ | ᠡᠲᠡᠭᠡᠷ ᠲᠤᠭ᠎ᠠ ᠪᠠᠷᠢᠮᠲᠠ ᠨᠢ᠂ ᠥᠪᠥᠷ ᠮᠣᠩᠭᠤᠯ ᠤᠨ ᠶᠤᠸᠠᠨ ᠲᠦᠩ ᠲᠦᠷᠭᠡᠨ ᠬᠦᠷᠭᠡᠯᠲᠡ ᠶᠢᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠵᠥᠩᠱᠠᠨ | ᠬᠤᠪᠢᠶᠠᠷᠢ ᠺᠣᠮᠫᠠᠨᠢ ᠶᠢᠨ ᠲᠦᠷᠭᠡᠨ ᠬᠦᠷᠭᠡᠭᠴᠢ ᠯᠢ ᠰᠢᠶᠣᠣ ᠸᠠᠩ ᠤᠨ ᠡᠳᠦᠷ ᠪᠦᠷᠢ ᠬᠠᠲᠠᠭᠤᠵᠢᠯᠲᠠᠢ ᠴᠢᠷᠮᠠᠶᠢᠨ ᠠᠵᠢᠯᠯᠠᠵᠤ᠂ ᠨᠢᠭᠡ ᠨᠢᠭᠡ ᠵᠠᠬᠢᠶᠠᠯᠠᠭ᠎ᠠ ᠪᠠᠷ | ᠳ᠋ᠦᠩᠨᠡᠨ ᠡᠷᠭᠢᠴᠡᠭᠦᠯᠵᠦ᠂ ᠤᠳᠠᠭ᠎ᠠ ᠳᠠᠷᠠᠭᠠᠯᠠᠨ ᠰᠢᠯᠢᠳᠡᠭᠵᠢᠭᠦᠯᠦᠨ ᠳᠡᠭᠡᠭᠰᠢᠯᠡᠭᠦᠯᠦᠭᠰᠡᠨ ᠤ ᠦᠷ᠎ᠡ ᠳ᠋ᠦᠩ᠂ ᠮᠥᠨ ᠴᠤ ᠲᠡᠭᠦᠨ ᠤ ᠵᠢᠷᠭᠠᠯ ᠤᠨ ᠵᠠᠮ ᠳᠡᠭᠡᠷᠡᠬᠢ | ︽ᠬᠡᠷᠡᠭᠴᠡᠭᠡ ᠲᠠᠢ︾ ᠬᠥᠮᠥᠨ ᠪᠣᠯᠬᠤ ᠪᠠᠷ ᠵᠣᠷᠢᠭ ᠰᠢᠭᠤᠳᠤᠭᠰᠠᠨ ᠤ ᠬᠢ ᠦᠷ᠎ᠡ ᠳ᠋ᠦᠩ ᠶᠤᠮ᠃ | ᠵᠠᠬᠢᠶᠠᠯᠠᠭ᠎ᠠ ᠬᠦᠷᠭᠡᠬᠦ ᠵᠠᠪᠰᠠᠷ ᠢᠶᠠᠷ᠂ ᠯᠢ ᠰᠢᠶᠣᠣ ᠸᠠᠩ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠢ ᠬᠠᠮᠠᠭᠠᠯᠠᠭᠴᠢ᠂ ᠰᠢᠲᠠᠷ᠎ᠠ ᠲᠠᠯᠪᠢᠵᠤ ᠪᠠᠶᠢᠭ᠎ᠠ | ᠡᠪᠦᠭᠡᠨ ᠲᠠᠢ ᠵᠣᠭᠤᠭᠳᠠᠵᠤ᠂ ᠠᠰᠠᠷ ᠤᠨ ᠲᠠᠷᠬᠠᠯᠲᠠ᠂ ᠰᠠᠭᠤᠭᠠᠯᠢ ᠠᠷᠠᠳ ᠤᠨ ᠠᠮᠢᠳᠤᠷᠠᠯ ᠤᠨ ᠳᠠᠳᠬᠠᠯ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ ᠪᠣᠳᠠᠲᠠᠢ | ᠪᠠᠶᠢᠳᠠᠯ ᠢ ᠣᠶᠢᠯᠠᠭᠠᠵᠤ᠂ ᠬᠤᠵᠢᠮ ᠤᠨ ᠵᠠᠬᠢᠶᠠᠯᠠᠭ᠎ᠠ ᠬᠦᠷᠭᠡᠬᠦ ᠳᠡᠭᠡᠨ ᠮᠡᠳᠡᠭᠡ ᠵᠠᠩᠭᠢ ᠴᠤᠭᠯᠠᠭᠤᠯᠤᠨ᠎ᠠ᠃ ᠬᠠᠮᠲᠤ ᠠᠵᠢᠯᠯᠠᠭᠰᠠᠳ ᠨᠢ ᠲᠡᠭᠦᠨ ᠢ ︽ᠶᠠᠪᠠᠭᠠᠨ | ᠭᠠᠵᠠᠷ ᠤᠨ ᠵᠢᠷᠤᠭ︾ ᠭᠡᠯᠴᠡᠳᠡᠭ᠃ | ︽ᠡᠳᠦᠷ ᠤᠨ ᠠᠵᠢᠯ ᠢᠶᠠᠨ ᠳᠠᠭᠤᠰᠬᠠᠭᠰᠠᠨ ᠤ ᠳᠠᠷᠠᠭ᠎ᠠ᠂ ᠪᠢ ᠴᠠᠭᠠᠰᠤ ᠭᠠᠷᠭᠠᠵᠤ ᠵᠢᠷᠤᠳᠠᠭ᠂ ᠪᠢᠷ ᠴᠠᠭᠠᠰᠤ ᠪᠠᠶᠢᠬᠤ ᠦᠭᠡᠢ ᠪᠣᠯ ᠮᠣᠳᠣ ᠣᠯᠵᠤ ᠭᠠᠵᠠᠷ | ᠳᠡᠭᠡᠷ᠎ᠡ ᠵᠢᠷᠤᠨ᠎ᠠ᠂ ᠥᠨᠥᠳᠥᠷ ᠲᠦᠷᠭᠡᠨ ᠬᠦᠷᠭᠡᠯᠲᠡ ᠪᠠᠨ ᠬᠡᠷᠬᠢᠨ ᠬᠦᠷᠭᠡᠭᠰᠡᠨ᠂ ᠴᠠᠭ ᠢᠶᠠᠨ ᠶᠠᠭᠠᠬᠢᠵᠤ ᠰᠠᠭᠠᠲᠠᠭᠠᠭᠰᠠᠨ ᠵᠡᠷᠭᠡ ᠪᠠᠨ ᠡᠷᠭᠢᠴᠡᠭᠦᠯᠵᠦ᠂ ᠳᠠᠷᠠᠭ᠎ᠠ ᠡᠳᠦᠷ | ᠨᠢ ᠵᠣᠬᠢᠬᠤ ᠲᠣᠬᠢᠷᠠᠭᠤᠯᠤᠯᠲᠠ ᠬᠢᠵᠦ᠂ ᠠᠯᠢ ᠴᠢᠳᠠᠬᠤ ᠪᠠᠷ ᠴᠠᠭ ᠢ ᠪᠦᠷᠢᠯᠭᠡᠬᠦ ᠠᠴᠠ ᠵᠠᠶᠢᠯᠠᠰᠬᠢᠨ᠎ᠡ᠃ ᠵᠢᠱᠢᠶᠡᠯᠡᠪᠡᠯ᠂ ᠠᠯᠢ ᠵᠠᠮ ᠨᠢ ᠰᠤᠷᠭᠠᠭᠤᠯᠢ ᠴᠤᠭᠯᠠᠬᠤ᠂ | ᠰᠤᠷᠭᠠᠭᠤᠯᠢ ᠲᠠᠷᠬᠠᠬᠤ ᠣᠷᠭᠢᠯ ᠤᠨ ᠬᠤᠭᠤᠴᠠᠭᠠᠨ ᠳᠤ ᠲᠦᠭᠵᠢᠷᠡᠬᠦ᠂ ᠵᠠᠷᠢᠮ ᠠᠵᠢᠯᠯᠠᠬᠤ ᠠᠰᠠᠷ ᠤᠨ ᠬᠢᠨ 9 ᠴᠠᠭ ᠠᠴᠠ ᠡᠮᠦᠨ᠎ᠡ ᠠᠵᠢᠯᠯᠠᠬᠤ ᠦᠭᠡᠢ ᠪᠣᠯᠬᠤᠷ | ᠬᠦᠷᠭᠡᠬᠦ ᠶᠢᠨ ᠠᠷᠭ᠎ᠠ ᠦᠭᠡᠢ ᠵᠡᠷᠭᠡ᠃ ᠡᠷᠭᠢᠴᠡᠭᠦᠯᠦᠨ ᠲᠤᠩᠭᠠᠭᠰᠠᠨ ᠤ ᠳᠠᠷᠠᠭ᠎ᠠ᠂ ᠪᠢ ᠡᠳᠡᠭᠡᠷ ᠪᠠᠶᠢᠳᠠᠯ ᠳᠤ ᠴᠢᠭᠯᠡᠭᠦᠯᠦᠨ ᠵᠠᠮ ᠱᠤᠭᠤᠮ ᠪᠠ ᠴᠠᠭ ᠢᠶᠠᠨ | ᠲᠣᠬᠢᠷᠠᠭᠤᠯᠵᠤ᠂ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠳᠡᠭ︾᠃ ᠡᠨᠡ ᠬᠦ ᠳᠠᠳᠬᠠᠯ ᠢᠶᠠᠨ ᠯᠢ ᠰᠢᠶᠣᠣ ᠸᠠᠩ 8 ᠵᠢᠯ ᠪᠠᠷᠢᠮᠲᠠᠯᠠᠵᠤ᠂ ᠤᠳᠤ ᠬᠠᠮᠲᠤ | ᠠᠵᠢᠯᠯᠠᠭᠰᠠᠳ ᠨᠢ ᠲᠡᠭᠦᠨ ᠢ ︽ᠪᠦᠷᠢᠨ ᠴᠢᠳᠠᠪᠤᠷᠢᠲᠠᠨ︾ ᠭᠡᠵᠦ ᠱᠣᠭᠯᠠᠨ ᠳᠠᠭᠤᠳᠠᠳᠠᠭ ᠪᠣᠯᠪᠠ᠃ ᠲᠡᠷᠡ ᠥᠪᠡᠷ ᠤᠨ ᠬᠤᠷᠠᠮᠳᠤᠭᠤᠯᠤᠭᠰᠠᠨ ᠲᠤᠷᠰᠢᠯᠭ᠎ᠠ ᠪᠠᠨ | ᠳᠤᠷᠠᠲᠠᠶ᠎ᠠ ᠬᠠᠮᠲᠤ ᠠᠵᠢᠯᠯᠠᠭᠰᠠᠳ ᠲᠠᠢ ᠪᠠᠨ ᠬᠤᠪᠢᠶᠠᠯᠴᠠᠵᠤ᠂ ᠣᠯᠠᠨ ᠢᠶᠠᠷ ᠢᠶᠠᠨ ᠲᠦᠷᠭᠡᠨ ᠬᠦᠷᠭᠡᠯᠲᠡ ᠢᠢᠨ ᠠᠵᠢᠯ ᠲᠥᠷᠥᠯ ᠤᠨ ᠬᠥᠭᠵᠢᠯᠲᠡ ᠳᠤ ᠬᠦᠴᠦ | ᠨᠡᠮᠡᠷᠢᠯᠡᠨ᠎ᠡ᠃ | ᠯᠢ ᠰᠢᠶᠣᠣ ᠸᠠᠩ ᠪᠠᠰᠠ ᠨᠢᠭᠡ ︽ᠠᠮᠵᠢᠯᠲᠠ ᠶᠢᠨ ᠰᠢᠳᠢᠲᠦ ᠵᠣᠷ︾ ᠬᠤᠷᠢᠶᠠᠩᠭᠤᠶᠢᠯᠠᠪᠠ᠃ ᠲᠡᠷᠡ ᠨᠢ ᠳᠠᠷᠤᠢ ︽ᠦᠨᠡᠨ ᠰᠡᠳᠬᠢᠯ ᠢᠶᠠᠷ ᠢᠶᠠᠨ ᠲᠦᠷᠭᠡᠨ | ᠬᠦᠷᠭᠡᠯᠲᠡ ᠲᠤᠰᠬᠤ ᠬᠥᠮᠥᠨ ᠪᠣᠯᠭᠠᠨ ᠤ ᠰᠡᠳᠬᠢᠯ ᠢ ᠳᠤᠯᠠᠭᠠᠯᠠᠨ᠎ᠠ︾᠃ ᠪᠦᠬᠦ ᠵᠢᠯ ᠳᠤ ᠠᠮᠠᠷᠠᠬᠤ ᠴᠠᠭ ᠦᠭᠡᠢ᠂ ᠰᠠᠯᠬᠢ ᠪᠣᠷᠣᠭᠠᠨ ᠳᠤ ᠰᠠᠭᠠᠲᠠᠯ ᠦᠭᠡᠢ ᠪᠠᠶᠢᠵᠤ᠂ | ᠤᠳᠠᠭ᠎ᠠ ᠳᠠᠷᠠᠭᠠᠯᠠᠨ ᠴᠠᠭ ᠢᠶᠠᠨ ᠲᠣᠬᠢᠷᠠᠭᠤᠯᠵᠤ᠂ ᠨᠠᠰᠤᠲᠠᠶᠢᠴᠤᠳ᠂ ᠵᠡᠮᠳᠡᠭᠴᠦᠳ᠂ ᠭᠠᠳᠠᠭᠰᠢ ᠭᠠᠷᠬᠤ ᠳᠤ ᠳᠥᠭᠦᠮ ᠦᠭᠡᠢ ᠬᠥᠮᠥᠰ ᠲᠤ ᠲᠦᠷᠭᠡᠨ ᠬᠦᠷᠭᠡᠯᠲᠡ ᠶᠢ | ᠨᠢ ᠤᠷᠢᠳ ᠢᠶᠠᠷ ᠬᠦᠷᠭᠡᠵᠦ ᠥᠭᠭᠦᠨ᠎ᠡ᠃ ᠲᠡᠷᠡ ᠬᠠᠮᠤᠭ ᠤᠨ ᠭᠤᠶᠤ ᠲᠦᠷᠭᠡᠨ ᠬᠦᠷᠭᠡᠭᠴᠢ ᠶᠢᠨ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠬᠡᠷᠡᠭᠯᠡᠭᠴᠢ ᠨᠢᠭᠡ | ᠪᠦᠷᠢ ᠳᠤ ᠦᠨᠡᠨ ᠰᠡᠳᠬᠢᠯ ᠠᠴᠠ ᠪᠠᠨ ᠰᠠᠶᠢᠲᠤᠷ ᠦᠢᠯᠡᠴᠢᠯᠡᠵᠦ᠂ ᠤᠯᠠᠨ ᠤ ᠢᠲᠡᠭᠡᠯ ᠢ ᠮᠠᠰᠢ ᠣᠯᠪᠠ᠃ | ︽ᠬᠡᠷᠡᠭᠯᠡᠭᠴᠢᠳ ᠤᠨ ᠤᠳᠠᠭ᠎ᠠ ᠪᠦᠷᠢ ᠶᠢᠨ ᠢᠨᠢᠶᠡᠮᠰᠦᠭᠯᠡᠯ ᠪᠠ ᠲᠠᠯᠠᠷᠬᠠᠯ ᠪᠣᠯ ᠴᠥᠮ ᠮᠢᠨᠤ ᠤᠷᠤᠭᠰᠢᠯᠠᠬᠤ ᠡᠨᠧᠷᠭᠢ ᠮᠥᠨ᠃ ᠪᠢ ᠪᠠᠰᠠ ᠠᠷᠠᠳ | ᠲᠦᠮᠡᠨ ᠳᠤ ᠦᠢᠯᠡᠴᠢᠯᠡᠬᠦ ᠶᠠᠪᠤᠴᠠ ᠳᠤᠮᠳᠠ ᠪᠠᠨ ᠵᠢᠩᠬᠢᠨᠢ ᠪᠠᠶᠠᠷ ᠪᠠᠶᠠᠰᠤᠯ ᠪᠠ ᠬᠠᠨᠤᠮᠵᠢ ᠶᠢ ᠮᠡᠳᠡᠷᠡᠪᠡ︾ ᠭᠡᠵᠦ ᠯᠢ ᠰᠢᠶᠣᠣ ᠸᠠᠩ ᠢᠨᠢᠶᠡᠮᠰᠦᠭᠯᠡᠨ ᠬᠡᠯᠡᠪᠡ᠃ | ᠴᠠᠭ ᠦᠶ᠎ᠡ ᠬᠥᠭᠵᠢᠵᠦ᠂ ᠠᠵᠢᠯ ᠲᠥᠷᠥᠯ ᠳᠠᠪᠰᠢᠵᠤ ᠪᠠᠶᠢᠨ᠎ᠠ᠃ ᠯᠢ ᠰᠢᠶᠣᠣ ᠸᠠᠩ ᠴᠠᠭ ᠦᠶ᠎ᠡ ᠶᠢ ᠲᠠᠭᠠᠨ ᠤᠷᠤᠭᠰᠢᠯᠠᠬᠤ ᠠᠯᠬᠤᠭ᠎ᠠ ᠪᠠᠨ ᠶᠡᠷᠦ ᠠᠴᠠ | ᠵᠣᠭᠰᠣᠭᠰᠠᠨ ᠦᠭᠡᠢ ᠪᠠᠶᠢᠵᠤ᠂ ᠠᠵᠢᠯ ᠤᠨ ᠴᠢᠯᠦᠭᠡ ᠪᠠᠷ ᠢᠶᠠᠨ ᠲᠠᠰᠤᠷᠠᠯᠲᠠ ᠦᠭᠡᠢ ᠰᠤᠷᠤᠯᠴᠠᠵᠤ᠂ ᠨᠣᠮ ᠪᠢᠴᠢᠭ ᠠᠴᠠ ᠰᠤᠷᠤᠭᠰᠠᠨ ᠮᠡᠳᠡᠯᠭᠡ ᠶᠢ ᠠᠵᠢᠯ ᠤᠨ | ᠦᠢᠯᠡᠳᠦᠯᠭᠡ ᠳᠡᠭᠡᠨ ᠠᠰᠢᠭᠯᠠᠵᠤ᠂ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠳᠤ ᠲᠤᠯᠭᠠᠷᠠᠭᠰᠠᠨ ᠠᠰᠠᠭᠤᠳᠠᠯ ᠢ | ᠰᠢᠢᠳᠪᠦᠷᠢᠯᠡᠵᠦ᠂ ᠲᠤᠷᠰᠢᠯᠭ᠎ᠠ ᠪᠠᠨ ᠢᠳᠡᠪᠬᠢᠲᠡᠢ ᠳ᠋ᠦᠩᠨᠡᠨ᠂ ᠬᠠᠶᠢᠨ ᠰᠦᠪᠡᠭᠴᠢᠯᠡᠨ ᠰᠢᠨ᠎ᠡ ᠶᠢ ᠡᠭᠦᠳᠴᠦ᠂ ᠥᠪᠡᠷ ᠤᠨ ᠲᠤᠰᠬᠠᠢ ᠮᠡᠷᠭᠡᠵᠢᠯ ᠤᠨ ᠴᠢᠳᠠᠪᠤᠷᠢ ᠪᠠᠨ | ᠳᠡᠭᠡᠭᠰᠢᠯᠡᠭᠦᠯᠪᠡ᠃ 2019 ᠣᠨ᠂ 2021 ᠣᠨ ᠳᠤ᠂ ᠲᠡᠷᠡ ᠪᠥᠬᠦ ᠤᠯᠤᠰ ᠤᠨ ᠲᠦᠷᠭᠡᠨ ᠬᠦᠷᠭᠡᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠤᠷᠤᠯᠳᠤᠭᠠᠨ ᠳᠤ ᠣᠷᠣᠯᠴᠠᠵᠤ᠂ ᠲᠣᠰ ᠲᠣᠰ ᠭᠤᠷᠪᠠᠳᠤᠭᠠᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠭᠥᠷᠳᠡᠪᠡ᠃ | 2023 ᠣᠨ ᠤ 12 ᠰᠠᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠯᠢ ᠰᠢᠶᠣᠣ | ᠸᠠᠩ ᠢ ᠡᠷᠢᠵᠦ᠂ ᠲᠦᠷᠭᠡᠨ ᠬᠦᠷᠭᠡᠯᠲᠡ ᠶᠢᠨ ᠲᠤᠰᠬᠠᠢ ᠮᠡᠷᠭᠡᠵᠢᠯ ᠤᠨ ᠬᠠᠮᠢᠶ᠎ᠠ ᠪᠦᠬᠦᠢ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠠᠵᠢᠯ ᠳᠤ ᠣᠷᠣᠯᠴᠠᠬᠤ ᠶᠢ | ᠬᠦᠰᠡᠪᠡ᠃ | ︽ᠡᠬᠢᠨ ᠳᠡᠭᠡᠨ ᠪᠢ ᠬᠥᠳᠡᠭᠡ ᠲᠣᠰᠬᠤᠨ ᠤ ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠳᠡᠮᠡᠢ ᠣᠶᠢᠯᠠᠭᠠᠬᠤ ᠦᠭᠡᠢ ᠪᠠᠶᠢᠳᠠᠯ ᠢᠶᠠᠨ | ᠪᠣᠳᠣᠯᠬᠢᠯᠠᠵᠤ᠂ ᠡᠷᠡᠭᠡᠯᠵᠡᠵᠦ ᠪᠠᠶᠢᠬᠤ ᠪᠠᠨ ᠢᠯᠡᠳᠬᠡᠪᠡ᠂ ᠰᠤᠷᠭᠠᠭᠤᠯᠢ ᠶᠢᠨ ᠬᠢᠨ ᠨᠠᠮ᠎ᠠ ᠶᠢ ︿ᠤᠷᠢᠳ ᠢᠶᠠᠷ ᠲᠤᠷᠰᠢᠵᠤ ᠦᠵᠡ﹀ ᠭᠡᠵᠦ ᠵᠣᠷᠢᠭᠵᠢᠭᠤᠯᠪᠠ᠂ ᠳᠡᠭᠡᠭᠡᠳ | ᠪᠢ ᠶᠡᠭᠡ ᠬᠡᠮᠵᠢᠶᠡᠨ ᠤ ᠮᠠᠲ᠋ᠧᠷᠢᠶᠠᠯ ᠡᠷᠢᠵᠦ ᠴᠤᠭᠯᠠᠭᠤᠯᠤᠭᠠᠳ ᠳᠠᠷᠠᠭ᠎ᠠ ᠨᠢ 3 ᠰᠠᠷ᠎ᠠ ᠢᠯᠡᠭᠦᠦ ᠶᠢᠨ ᠴᠠᠭ ᠵᠠᠷᠤᠴᠠᠭᠤᠯᠵᠤ ᠳᠥᠷᠪᠡᠨ ᠬᠢᠴᠢᠶᠡᠯ ᠤᠨ ᠠᠭᠤᠯᠭ᠎ᠠ ᠶᠢ | ᠨᠠᠶᠢᠷᠠᠭᠤᠯᠪᠠ︾᠃ | ᠡᠶᠢᠨ ᠬᠦ᠂ ᠯᠢ ᠰᠢᠶᠣᠣ ᠸᠠᠩ ᠰᠤᠷᠭᠠᠭᠤᠯᠢ ᠶᠢᠨ ᠬᠢᠨ ᠲᠠᠢ ᠬᠠᠮᠲᠤᠷᠠᠨ ︽ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠰᠢᠢᠳᠪᠦᠷᠢᠯᠡᠯᠲᠡ︾ ᠭᠡᠬᠦ | ᠬᠢᠴᠢᠶᠡᠯ ᠤᠨ ᠪᠢᠴᠢᠭ ᠢ ᠨᠠᠶᠢᠷᠠᠭᠤᠯᠤᠨ ᠪᠢᠴᠢᠭᠰᠡᠨ ᠪᠠ ᠰᠢᠩᠭᠡᠬᠡᠨ ᠦᠢᠯᠡᠳᠴᠦ᠂ ᠬᠥᠳᠡᠭᠡ ᠲᠣᠰᠬᠤᠨ ᠤ ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡᠨ ᠤ | ᠰᠢᠰᠲ᠋ᠧᠮ ᠤᠨ ᠲᠦᠷᠪᠡᠨ ᠬᠢᠴᠢᠶᠡᠯ ᠤᠨ ᠠᠭᠤᠯᠭ᠎ᠠ ᠶᠢ ᠪᠡᠶ᠎ᠡ ᠪᠠᠨ ᠳᠠᠭᠠᠭᠠᠵᠤ ᠪᠡᠶᠡᠯᠡᠭᠦᠯᠪᠡ᠃ ᠲᠡᠷᠡ᠂ ᠥᠪᠡᠷ ᠤᠨ ᠴᠢᠷᠮᠠᠶᠢᠯᠭ᠎ᠠ ᠪᠠ ᠲᠠᠰᠤᠷᠠᠯᠲᠠ ᠦᠭᠡᠢ | ᠰᠤᠷᠤᠯᠴᠠᠯᠭ᠎ᠠ ᠪᠠᠷ ᠢᠶᠠᠨ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠳᠡᠭᠡᠳᠦ ᠬᠤᠷᠳᠤᠴᠠ ᠪᠠᠷ ᠬᠥᠭᠵᠢᠵᠦ ᠪᠠᠶᠢᠭᠰᠠᠨ ᠠᠴᠠ ᠪᠠᠨ ᠴᠢᠨᠠᠷ ᠰᠠᠶᠢᠲᠠᠢ ᠬᠥᠭᠵᠢᠬᠦ | ᠲᠡᠶᠢᠰᠢ ᠬᠤᠪᠢᠷᠠᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠬᠤᠪᠢ ᠬᠥᠮᠥᠨ ᠤ ᠬᠦᠴᠦᠨ ᠴᠢᠳᠠᠯ ᠬᠡᠳᠦᠢ ᠪᠠᠭ᠎ᠠ ᠪᠣᠯᠪᠠᠴᠤ ᠯᠢ ᠰᠢᠶᠣᠣ ᠸᠠᠩ ᠮᠥᠨ ᠯᠡ ᠪᠦᠬᠦ ᠬᠦᠴᠦ ᠪᠠᠷ ᠢᠶᠠᠨ ᠨᠡᠶᠢᠭᠡᠮ ᠳᠤ ᠦᠢᠯᠡᠴᠢᠯᠡᠵᠦ᠂ | ᠨᠡᠶᠢᠭᠡᠮ ᠳᠤ ᠠᠴᠢ ᠬᠠᠷᠢᠭᠤᠯᠵᠤ᠂ ᠬᠥᠮᠥᠰ ᠢ ᠪᠢᠰᠢᠷᠡᠭᠦᠯᠦᠨ᠎ᠡ᠃ | 2021 ᠣᠨ ᠠᠴᠠ ᠡᠬᠢᠯᠡᠨ᠂ ᠲᠡᠷᠡ ᠰᠠᠷ᠎ᠠ ᠪᠦᠷᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠡᠦᠬᠡᠳ ᠤᠨ ᠰᠠᠭᠤᠷᠢ ᠮᠥᠩᠭᠦᠨ ᠤ | ᠨᠡᠶᠢᠭᠡᠮᠯᠢᠭ ᠲᠤ ᠵᠣᠭᠤᠰ ᠬᠠᠨᠳᠢᠪᠯᠡᠵᠤ᠂ ᠶᠠᠳᠠᠭᠤ ᠬᠦᠴᠢᠷᠳᠡᠯᠲᠡᠢ ᠠᠭᠤᠯᠠᠷᠬᠠᠭ ᠣᠷᠣᠨ ᠤ ᠬᠡᠦᠬᠡᠳ ᠢ ᠬᠠᠪᠰᠤᠷᠤᠨ ᠲᠡᠳᠬᠦᠪᠡ᠃ | 2024 ᠣᠨ ᠤ 7 ᠰᠠᠷ᠎ᠠ ᠶᠢᠨ ᠳᠤᠮᠳᠠᠴᠢ ᠪᠠᠷ᠂ ᠠᠵᠢᠯ ᠲᠦᠷᠦᠯ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠤᠯᠲᠠ ᠳᠣᠣᠷ᠎ᠠ᠂ ᠲᠡᠷᠡ ᠺᠣᠮᠫᠠᠨᠢ ᠶᠢᠨ | ᠬᠠᠮᠲᠤ ᠠᠵᠢᠯᠯᠠᠭᠴᠢ ᠪᠠᠨ ᠳᠠᠭᠠᠭᠤᠯᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠳᠤ ᠢᠳᠡᠪᠬᠢᠲᠡᠢ ᠤᠷᠤᠯᠴᠠᠵᠤ᠂ ᠪᠣᠯᠪᠠᠰᠤᠨ ᠬᠤᠳᠠ ᠶᠢᠨ ᠡᠭᠦᠳᠦᠨ | ᠪᠠᠶᠢᠭᠤᠯᠤᠯᠲᠠ ᠶᠢ ᠲᠡᠮᠵᠢᠵᠤ᠂ ᠲᠦᠷᠭᠡᠨ ᠬᠦᠷᠭᠡᠯᠲᠡ ᠬᠦᠷᠭᠡᠬᠦ ᠶᠢᠨ ᠬᠠᠮᠲᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠭᠡᠨᠡᠳᠲᠡ ᠶᠢᠨ | ᠪᠠᠶᠢᠳᠠᠯ ᠪᠤᠶᠤ ᠠᠮᠤᠷ ᠲᠦᠪᠰᠢᠨ ᠤ ᠭᠡᠮ ᠰᠣᠭᠤᠭ ᠲᠣᠬᠢᠶᠠᠯᠳᠤᠪᠠᠯ ᠲᠡᠷᠡ ᠳᠠᠷᠤᠢ ᠳᠤᠨᠢ ᠳᠡᠭᠡᠳᠦ ᠱᠠᠲᠤᠨ ᠳᠤ ᠮᠡᠳᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃ | ᠥᠪᠥᠷ ᠮᠣᠩᠭᠤᠯ ᠤᠨ ᠰᠢᠤᠳᠠᠨ ᠤ ᠠᠵᠢᠯ ᠲᠦᠷᠦᠯ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠥᠪᠥᠷ ᠮᠣᠩᠭᠤᠯ ᠤᠨ ᠰᠢᠤᠳᠠᠨ ᠤ ᠠᠵᠢᠯ | ᠲᠦᠷᠦᠯ ᠤᠨ ᠤᠮᠠᠷᠠᠲᠤ ᠶᠢᠨ ᠬᠤᠰᠢᠭᠤᠴᠢ ᠵᠢᠱᠢᠶ᠎ᠡ ᠦᠵᠡᠭᠦᠯᠬᠦ ᠠᠵᠢᠯ ᠤᠨ ᠪᠠᠶᠢᠷᠢ᠂ ᠪᠦᠬᠦ ᠤᠯᠤᠰ ᠤᠨ ᠵᠠᠮ ᠬᠠᠷᠢᠯᠴᠠᠭᠠᠨ ᠤ ᠮᠡᠷᠭᠡᠵᠢᠯ ᠤᠨ ᠴᠢᠳᠠᠪᠤᠷᠢᠲᠠᠨ᠂ ᠪᠦᠬᠦ | ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠤᠨ ᠮᠧᠳᠠᠯ ᠁ ᠡᠳᠡᠭᠡᠷ ᠤᠯᠠᠨ ᠢᠷᠠᠭᠤ ᠠᠯᠳᠠᠷ ᠪᠣᠯ ᠯᠢ ᠰᠢᠶᠣᠣ ᠸᠠᠩ ᠳᠤ ᠥᠭᠭᠦᠭᠰᠡᠨ ᠨᠤᠲᠠᠯᠠᠯᠲᠠ᠂ | ᠮᠥᠨ ᠴᠦ ᠲᠡᠭᠦᠨ ᠳᠤ ᠲᠠᠯᠪᠢᠭᠰᠠᠨ ᠱᠠᠭᠠᠷᠳᠠᠯᠭ᠎ᠠ ᠪᠣᠯᠣᠨ᠎ᠠ᠃ | ᠡᠨᠡ ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠯᠢ ᠰᠢᠶᠣᠣ ᠸᠠᠩ ᠪᠦᠬᠦ ᠤᠯᠤᠰ ᠤᠨ ᠬᠥᠳᠡᠯᠮᠦᠷᠢ ᠶᠢᠨ | ᠵᠢᠱᠢᠶᠡᠴᠢ ᠪᠠᠷ ᠦᠨᠡᠯᠡᠭᠳᠡᠪᠡ᠃ ᠡᠨᠡ ᠨᠢ ᠲᠡᠭᠦᠨ ᠳᠤ ᠶᠡᠬᠡᠳᠡ ᠵᠣᠷᠢᠭᠵᠢᠭᠤᠯᠤᠯ ᠪᠣᠯᠵᠤ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠲᠤᠰᠬᠠᠢ | ᠮᠡᠷᠭᠡᠵᠢᠯ ᠤᠨ ᠠᠰᠫᠢᠷᠠᠨᠲ ᠢᠶᠠᠷ ᠰᠤᠷᠤᠯᠴᠠᠨ᠎ᠠ ᠭᠡᠵᠦ ᠳᠠᠷᠠᠭᠠᠴᠢ ᠶᠢᠨ ᠬᠠᠷᠠᠯᠲᠠ ᠪᠠᠨ ᠬᠡᠯᠡᠵᠦ ᠪᠠᠶᠢᠪᠠ᠃ ︽ᠬᠡᠷᠪᠡ ᠬᠥᠮᠥᠨ ᠨᠢᠭᠡᠪᠦᠷᠢ ᠴᠥᠮ ᠨᠢᠭᠡᠨ ᠬᠤᠪᠢ | ᠬᠦᠴᠦᠨ ᠵᠢᠳᠬᠦᠯ ᠭᠠᠷᠭᠠᠪᠠᠯ᠂ ᠲᠡᠷᠡ ᠨᠢ ᠨᠡᠶᠢᠯᠡᠭᠡᠳ ᠬᠦᠴᠦᠷᠬᠡᠭ ᠶᠡᠭᠡ ᠬᠦᠴᠦᠨ ᠴᠢᠳᠠᠯ ᠪᠣᠯᠵᠤ ᠴᠢᠳᠠᠨ᠎ᠠ᠃ ᠬᠡᠷᠪᠡ ᠬᠥᠮᠥᠨ ᠨᠢᠭᠡᠪᠦᠷᠢ ᠴᠥᠮ ᠥᠪᠡᠷ ᠤᠨ | ᠠᠵᠢᠯ ᠤᠨ ᠪᠠᠶᠢᠷᠢ ᠪᠠᠨ ᠪᠠᠲᠤ ᠰᠠᠬᠢᠵᠤ ᠴᠢᠳᠠᠪᠠᠯ᠂ ᠮᠠᠨ ᠤ ᠨᠡᠶᠢᠭᠡᠮ ᠴᠦ ᠶᠠᠪᠤᠬᠤ ᠲᠤᠲᠤᠮ ᠰᠠᠶᠢᠵᠢᠷᠠᠬᠤ ᠪᠣᠯᠣᠨ᠎ᠠ︾ ᠭᠡᠵᠦ ᠯᠢ ᠰᠢᠶᠣᠣ ᠸᠠᠩ ᠬᠡᠯᠡᠪᠡ᠃ | |