ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠢᠷᠡᠭᠡᠳᠦᠢ ᠥᠷᠭᠡᠨ ᠠᠭᠤᠳᠠᠮ ᠪᠠᠶᠢᠵᠤ᠂ ᠶᠡᠭᠡ ᠦᠢᠯᠡᠰ ᠢ ᠪᠦᠲᠦᠭᠡᠬᠦ ᠳᠤ ᠬᠦᠴᠦᠨ ᠴᠢᠳᠠᠯ ᠢᠶᠠᠨ ᠨᠡᠮᠡᠷᠢᠯᠡᠨ᠎ᠡ᠃ | ᠣᠶᠢᠷ᠎ᠠ ᠶᠢᠨ ᠵᠢᠯ ᠠᠴᠠ᠂ ᠮᠠᠨ ᠤ ᠣᠷᠣᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠲᠠᠢ ᠴᠢᠳᠠᠪᠤᠷᠢᠲᠠᠨ᠂ ᠤᠷᠠᠨ ᠳᠠᠷᠬᠠᠨ᠂ ᠲᠣᠮᠣ ᠤᠯᠤᠰ ᠤᠨ ᠤᠷᠠᠨ ᠳᠠᠷᠬᠠᠨ ᠢ ᠬᠥᠮᠥᠵᠢᠭᠦᠯᠬᠦ ᠪᠠᠷ | ᠴᠢᠷᠮᠠᠶᠢᠵᠤ ᠪᠠᠶᠢᠭ᠎ᠠ ᠶᠤᠮ᠃ 2024 ᠣᠨ ᠳᠤ 370 ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠵᠦ᠂ 316 ᠲᠤᠰᠬᠠᠢ ᠮᠡᠷᠭᠡᠵᠢᠯ ᠤᠨ | ᠪᠠᠶᠢᠷᠢᠯᠠᠭᠤᠯᠤᠯᠲᠠ ᠶᠢ ᠬᠦᠴᠦᠨ ᠦᠭᠡᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠲᠤ ᠦᠢᠯᠡᠴᠢᠯᠡᠬᠦ ᠲᠤᠰᠬᠠᠢ ᠮᠡᠷᠭᠡᠵᠢᠯ ᠤᠨ | ᠬᠤᠪᠢ ᠶᠢᠨ ᠵᠢᠩ 77.7% ᠶᠢ ᠡᠵᠡᠯᠡᠪᠡ; ᠬᠤᠲᠠ ᠶᠢᠨ ᠬᠡᠪᠴᠢᠶᠡᠨ ᠳᠠᠬᠢ 6 ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ 11 | ᠠᠵᠢᠯ ᠲᠥᠷᠥᠯ ᠤᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭᠰᠠᠨ ᠬᠠᠮᠲᠤ ᠶᠢᠨ ᠴᠣᠭᠴᠠ ᠬᠢᠭᠡᠳ ᠠᠵᠤ ᠦᠢᠯᠡᠰ ᠤᠨ ᠬᠦᠷᠢᠶᠡᠯᠡᠩ ᠲᠣᠭᠤᠷᠢᠭ᠂ | ᠠᠵᠢᠯ ᠲᠥᠷᠥᠯ ᠤᠨ ᠨᠡᠶᠢᠭᠡᠮᠯᠢᠭ᠂ ᠰᠤᠳᠤᠯᠭᠠᠨ ᠤ ᠪᠠᠶᠢᠭᠤᠯᠤᠮᠵᠢ᠂ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠯᠤᠭ᠎ᠠ ᠥᠷᠭᠡᠨ ᠢᠶᠠᠷ ᠬᠠᠮᠲᠤᠷᠠᠯᠴᠠᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠦᠢᠯᠡᠴᠢᠯᠡᠭᠡᠨ ᠤ ᠣᠷᠣᠨ ᠪᠦᠰᠡ ᠶᠢᠨ ᠬᠥᠭᠵᠢᠯᠲᠡ᠂ ᠠᠵᠤ ᠦᠢᠯᠡᠰ ᠤᠨ ᠬᠥᠭᠵᠢᠯᠲᠡ ᠳᠤ ᠲᠤᠯᠭᠠᠭᠤᠷᠢᠯᠠᠬᠤ ᠴᠢᠳᠠᠪᠤᠷᠢ ᠢᠯᠡᠳᠲᠡ ᠳᠡᠭᠡᠭᠰᠢᠯᠡᠪᠡ᠃ | ᠪᠤᠭᠤᠲᠤ ᠶᠢᠨ ᠬᠤᠪᠣᠷ ᠰᠢᠷᠣᠢ ᠪᠠ ᠲᠣᠨᠤᠭ ᠲᠥᠬᠦᠭᠡᠷᠦᠮᠵᠢ ᠦᠢᠯᠡᠳᠬᠦ 2 ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠪᠤᠭᠤᠲᠤ | ᠬᠤᠲᠠ ᠶᠢᠨ 3 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠤᠭᠤᠲᠤ ᠬᠤᠲᠠ ᠶᠢᠨ ᠪᠣᠬᠢᠷᠳᠤᠯ ᠦᠭᠡᠢ ᠬᠤᠪᠣᠷ ᠰᠢᠷᠣᠢ᠂ ᠭᠡᠷᠡᠯ ᠴᠡᠨᠡᠭ ᠤᠨ ᠲᠠᠯᠠᠰᠲᠤ | ᠴᠠᠬᠢᠭᠤᠷ ᠤᠨ ᠮᠠᠲ᠋ᠧᠷᠢᠶᠠᠯ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ 3 ᠬᠤᠲᠠ ᠶᠢᠨ ᠬᠡᠪᠴᠢᠶᠡᠨ ᠳᠠᠬᠢ ᠦᠢᠯᠡᠳᠪᠦᠷᠢᠯᠡᠯ ᠰᠤᠷᠭᠠᠨ ᠬᠥᠮᠦᠵᠢᠯ ᠤᠨ | ᠬᠤᠯᠪᠣᠭᠠᠲᠤ ᠴᠣᠭᠴᠠ ᠶᠢ ᠪᠠᠶᠢᠭᠤᠯᠵᠤ᠂ ᠬᠤᠯᠪᠣᠭᠠᠲᠤ ᠴᠣᠭᠴᠠ ᠶᠢᠨ ᠳᠣᠲᠣᠷ᠎ᠠ ᠪᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠨᠡᠶᠢᠳᠬᠡᠬᠦ ᠶᠢ ᠴᠢᠩᠭᠠᠷᠠᠭᠤᠯᠤᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠵᠤ᠂ ᠲᠤᠰᠬᠠᠢ ᠮᠡᠷᠭᠡᠵᠢᠯ ᠪᠠ ᠭᠤᠣᠯᠯᠠᠬᠤ ᠬᠢᠴᠢᠶᠡᠯ | ᠵᠡᠷᠭᠡ ᠶᠢ ᠬᠠᠮᠲᠤ ᠪᠠᠷ ᠪᠠᠶᠢᠭᠤᠯᠵᠤ ᠪᠠᠶᠢᠨ᠎ᠠ᠃ | ᠲᠦᠩᠯᠢᠶᠣᠣ ᠬᠤᠲᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠡᠷᠳᠡᠨᠢ ᠰᠢᠰᠢ ᠶᠢᠨ ᠠᠮᠢᠳᠤ ᠪᠣᠳᠠᠰ᠂ ᠣᠲᠣ ᠦᠶ᠎ᠡ ᠶᠢᠨ ᠬᠢᠲᠠᠳ ᠮᠣᠩᠭᠤᠯ ᠡᠮ | ᠡᠮᠨᠡᠯᠭᠡ ᠵᠡᠷᠭᠡ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠲᠥᠷᠥᠯ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠲᠥᠷᠥᠯ᠂ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠤᠨ ᠲᠤᠰᠬᠠᠢ ᠮᠡᠷᠭᠡᠵᠢᠯ ᠢ ᠭᠤᠣᠯᠳᠠᠯᠭ᠎ᠠ ᠲᠠᠢ ᠬᠥᠭᠵᠢᠭᠦᠯᠵᠦ ᠪᠤᠢ; | ᠪᠡᠶ᠎ᠡ ᠶᠢᠨ ᠲᠠᠮᠢᠷ ᠤᠨ ᠲᠥᠷᠥᠯ ᠵᠡᠷᠭᠡ 37 ᠲᠤᠰᠬᠠᠢ ᠮᠡᠷᠭᠡᠵᠢᠯ ᠢ ᠡᠯᠰᠡᠬᠦ ᠪᠠᠨ ᠵᠣᠭᠰᠣᠵᠤ᠂ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠬᠡᠷᠡᠭᠯᠡᠭᠡ᠂ | ᠬᠢᠮᠢ ᠶᠢᠨ ᠤᠷᠠᠯᠠᠯ ᠵᠡᠷᠭᠡ 23 ᠲᠤᠰᠬᠠᠢ ᠮᠡᠷᠭᠡᠵᠢᠯ ᠢ ᠰᠢᠨ᠎ᠡ ᠪᠠᠷ ᠨᠡᠮᠡᠭᠳᠡᠭᠦᠯᠦᠨ᠂ ᠲᠤᠰᠬᠠᠢ ᠮᠡᠷᠭᠡᠵᠢᠯ ᠤᠨ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢ ᠤᠯᠠᠮ | ᠨᠢᠭᠡ ᠠᠯᠬᠤᠮ ᠠᠭᠤᠰᠤᠯᠴᠠᠭᠤᠯᠪᠠ᠃ | ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠡᠩ ᠲᠡᠷᠢᠭᠦᠨ ᠳᠤ ᠠᠵᠤ ᠦᠢᠯᠡᠰ ᠪᠠ ᠰᠤᠷᠭᠠᠨ | ᠬᠥᠮᠦᠵᠢᠯ ᠤᠨ ᠠᠭᠤᠰᠤᠯᠴᠠᠯ ᠤᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠦ᠋ ᠯᠠᠨ ᠮᠸᠢ ᠡᠷᠡᠭᠦᠯ ᠮᠡᠨᠳᠦ ᠶᠢᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠳᠠᠯ ᠠᠬᠤᠢ ᠶᠢᠨ ᠦᠢᠯᠡᠴᠢᠯᠡᠭᠡ᠂ ᠡᠬᠡ ᠨᠢᠯᠬᠠᠰ ᠤᠨ ᠦᠢᠯᠡᠴᠢᠯᠡᠭᠡ᠂ ᠨᠡᠶᠢᠭᠡᠮ ᠲᠣᠭᠤᠷᠢᠭ ᠤᠨ ᠦᠢᠯᠡᠴᠢᠯᠡᠭᠡ᠂ | ᠡᠷᠡᠭᠦᠯᠵᠢᠯ ᠰᠤᠪᠢᠯᠠᠯᠲᠠ ᠵᠡᠷᠭᠡ ᠣᠯᠠᠨ ᠲᠠᠯ᠎ᠠ ᠳᠤ ᠲᠤᠯᠭᠠᠭᠤᠷᠢᠯᠠᠭᠰᠠᠨ ᠠᠵᠤ ᠦᠢᠯᠡᠰ ᠪᠠ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢ ᠪᠤᠶ ᠪᠤᠯᠭᠠᠵᠤ᠂ | ᠬᠤᠲᠠ ᠶᠢᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ - ᠦ᠋ ᠯᠠᠨ ᠮᠸᠢ ᠰᠣᠶᠣᠯ ᠵᠢᠭᠤᠯᠴᠢᠯᠠᠯ ᠤᠨ ᠪᠦᠯᠦᠭᠯᠡᠯ ᠢ ᠨᠡᠪᠴᠢᠭᠦᠯᠪᠡ᠃ 2024 | ᠣᠨ ᠳᠤ ᠲᠣᠰ ᠪᠦᠯᠦᠭᠯᠡᠯ ︽ᠳᠤᠮᠳᠠᠳᠤ ᠤᠯᠤᠰ ᠤᠨ ᠡᠷᠡᠭᠦᠯᠵᠢᠯ ᠰᠤᠪᠢᠯᠠᠯᠲᠠ ᠶᠢᠨ ᠨᠠᠷᠠᠲᠤ ᠲᠥᠷᠥᠯ ᠲᠡᠮᠳᠡᠭᠲᠦ ᠶᠢᠨ 10 ᠬᠦᠴᠦᠷᠬᠡᠭ︾ ᠢᠶᠠᠷ ᠦᠨᠡᠯᠡᠭᠳᠡᠵᠡᠢ᠃ | ᠡᠳᠡᠭᠡᠷ ᠰᠢᠨ᠎ᠡ ᠰᠣᠷᠭᠤᠭ ᠵᠢᠱᠢᠶ᠎ᠡ ᠨᠦᠭᠦᠳ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ | ᠤᠷᠤᠭᠰᠢᠲᠠᠢ ᠶᠠᠪᠤᠭᠳᠠᠵᠤ ᠪᠠᠶᠢᠬᠤ ᠶᠢ ᠭᠡᠷᠡᠴᠢᠯᠡᠨ᠎ᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠣᠷᠣᠨ ᠪᠦᠰᠡ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠵᠤ᠂ ᠠᠵᠤ ᠦᠢᠯᠡᠰ ᠤᠨ | ᠪᠠᠶᠢᠷᠢᠰᠢᠭᠤᠯᠤᠯᠲᠠ ᠯᠤᠭ᠎ᠠ ᠬᠠᠷᠢᠯᠴᠠᠨ ᠵᠣᠯᠭᠠᠭᠤᠯᠵᠤ᠂ ᠬᠤᠲᠠ ᠶᠢᠨ ᠬᠡᠪᠴᠢᠶᠡᠨ ᠳᠠᠬᠢ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ | ᠠᠵᠢᠯ ᠲᠥᠷᠥᠯ ᠤᠨ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠬᠠᠮᠲᠤ ᠶᠢᠨ ᠴᠣᠭᠴᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠦᠨ᠎ᠡ | ᠭᠡᠵᠦ 2025 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠠᠵᠢᠯ ᠤᠨ ︽ᠭᠤᠣᠯᠳᠠᠯᠭ᠎ᠠ︾ ᠶᠢ ᠪᠠᠶᠢᠷᠢᠯᠠᠭᠤᠯᠪᠠ᠃ ᠲᠦᠷᠦᠭᠦᠬᠡᠨ 2025 ᠣᠨ ᠤ ᠪᠦᠭᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ | ᠬᠤᠷᠠᠯ ᠬᠤᠷᠠᠯᠳᠤᠵᠤ᠂ ︽ᠳᠠᠶᠢᠴᠢᠯᠠᠯᠲᠠ ᠶᠢᠨ ᠵᠠᠷᠯᠢᠭ︾ ᠪᠠᠭᠤᠯᠭᠠᠵᠤ᠂ ᠰᠢᠨ᠎ᠡ ᠵᠢᠷᠤᠭ ᠲᠥᠯᠥᠪᠯᠡᠭᠡ ᠶᠢ ᠳᠠᠬᠢᠨᠲᠠ ᠵᠢᠷᠤᠭᠯᠠᠪᠠ᠄ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠮᠵᠢ ᠳᠤ ᠳᠠᠭᠢᠨ ᠰᠢᠨ᠎ᠡ ᠪᠠᠷ ᠪᠠᠶᠢᠷᠢ ᠲᠣᠭᠲᠠᠭᠠᠯᠲᠠ ᠬᠢᠬᠦ ᠶᠢ ᠠᠬᠢᠭᠤᠯᠵᠤ᠂ ᠰᠠᠯᠠᠭ᠎ᠠ ᠮᠥᠴᠢᠷ ᠤᠨ | ᠬᠠᠮᠵᠢᠯᠴᠠᠨ ᠠᠬᠢᠭᠤᠯᠬᠤ ᠶᠢ ᠴᠢᠩᠭᠠᠳᠬᠠᠨ᠂ ᠠᠵᠢᠯ ᠲᠥᠷᠥᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠣᠷᠤᠯᠴᠠᠬᠤ ᠢᠳᠡᠪᠬᠢᠵᠢᠯ ᠢ | ᠳᠡᠭᠡᠭᠰᠢᠯᠡᠭᠦᠯᠵᠦ᠂ ᠰᠤᠷᠭᠠᠭᠤᠯᠢ ᠶᠢᠨ ᠴᠢᠳᠠᠪᠤᠷᠢᠲᠠᠨ ᠬᠥᠮᠥᠵᠢᠭᠦᠯᠬᠦ ᠳᠤ ᠠᠵᠤ ᠠᠬᠤᠶᠢᠯᠠᠯ ᠤᠨ ᠭᠦᠨᠵᠡᠭᠡᠢ ᠣᠷᠤᠯᠴᠠᠬᠤ ᠪᠦᠭᠦ ᠶᠠᠪᠤᠴᠠ ᠶᠢ ᠪᠠᠲᠤᠯᠠᠵᠤ᠂ ᠲᠥᠷᠥᠯ | ᠬᠤᠪᠢᠶᠠᠨ ᠰᠢᠯᠭᠠᠵᠤ ᠰᠣᠷᠣᠬᠴᠢ ᠡᠯᠰᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ; ᠲᠤᠰᠬᠠᠢ ᠮᠡᠷᠭᠡᠵᠢᠯ ᠠᠵᠤ ᠦᠢᠯᠡᠰ ᠤᠨ ᠨᠠᠷᠢᠯᠢᠭ ᠣᠨᠣᠴᠠᠲᠠᠢ | ᠲᠣᠬᠢᠷᠠᠯᠴᠠᠬᠤ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠭᠤᠣᠯᠳᠠᠯᠭ᠎ᠠ ᠲᠠᠢ ᠵᠣᠯᠭᠠᠭᠤᠯᠬᠤ ᠦᠢᠯᠡᠴᠢᠯᠡᠭᠡᠨ ᠤ 10 ᠲᠣᠮᠣ ᠠᠵᠤ | ᠦᠢᠯᠡᠰ ᠤᠨ ᠪᠦᠯᠦᠭᠵᠢᠯ ᠤᠨ ᠭᠠᠷᠴᠠᠭ ᠢ ᠭᠠᠷᠭᠠᠵᠤ᠂ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠳᠡᠭᠡᠳᠦ ᠵᠡᠷᠭᠡ ᠶᠢᠨ | ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠲᠤᠰᠬᠠᠢ ᠮᠡᠷᠭᠡᠵᠢᠯ ᠬᠢᠭᠡᠳ ᠣᠷᠣᠨ ᠪᠦᠰᠡ ᠶᠢᠨ ᠠᠵᠤ ᠦᠢᠯᠡᠰ ᠤᠨ ᠵᠣᠬᠢᠴᠠᠯᠳᠤᠬᠤ ᠬᠡᠮᠵᠢᠶ᠎ᠡ ᠶᠢ 80% ᠭᠦᠷᠳᠡᠯ᠎ᠡ | ᠳᠡᠭᠡᠭᠰᠢᠯᠡᠭᠦᠯᠭᠦ ᠪᠠᠷ ᠴᠢᠷᠮᠠᠶᠢᠨ᠎ᠠ; ᠠᠵᠤ ᠦᠢᠯᠡᠰ ᠪᠠ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠬᠤᠲᠠ ᠶᠢᠨ ᠬᠡᠪᠴᠢᠶᠡᠨ ᠳᠠᠬᠢ | ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ ᠠᠵᠢᠯ ᠲᠥᠷᠥᠯ ᠤᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ | ᠬᠠᠮᠲᠤ ᠶᠢᠨ ᠴᠣᠭᠴᠠ ᠶᠢᠨ ᠪᠣᠳᠠᠲᠤ ᠴᠣᠭᠴᠠ ᠶᠢᠨ ᠠᠵᠢᠯᠯᠠᠭᠠᠨ ᠢ ᠠᠬᠢᠭᠤᠯᠤᠨ᠎ᠠ᠃ | ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠳᠠᠭᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠵᠢᠩᠬᠢᠨᠢ | ᠠᠩᠭᠢ ᠶᠢᠨ ᠪᠠᠶᠢᠭᠤᠯᠤᠯᠲᠠ ᠶᠢᠨ ︽ᠲᠡᠭ︾ ᠤᠨ ᠰᠢᠪᠲᠤᠯᠤᠯᠲᠠ ᠶᠢ ᠠᠬᠢᠭᠤᠯᠵᠤ᠂ ᠴᠢᠳᠠᠪᠤᠷᠢᠲᠠᠨ ᠢ ᠬᠥᠮᠥᠵᠢᠭᠦᠯᠬᠦ ᠶᠢᠨ ︽ᠪᠦᠷᠢᠨ︾ ᠨᠡᠪᠲᠡᠷᠡᠯᠴᠡᠯ ᠢ ᠠᠬᠢᠭᠤᠯᠵᠤ᠂ | ᠨᠥᠬᠦᠴᠡᠯ ᠲᠠᠢ ᠠᠶᠢᠮᠠᠭ ᠬᠤᠲᠠ ᠪᠣᠯᠣᠨ ᠳᠤᠮᠳᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠴᠢ ᠠᠵᠤ ᠠᠬᠤᠶᠢᠯᠠᠯ ᠬᠠᠮᠵᠢᠯᠴᠠᠨ ᠬᠥᠮᠥᠨ | ᠬᠥᠮᠥᠵᠢᠭᠦᠯᠬᠦ ︽2+2+2︾ ᠤᠨ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ ᠶᠢ ᠳᠡᠮᠵᠢᠵᠦ᠂ ᠳᠤᠮᠳᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢ ᠵᠣᠯᠭᠠᠭᠤᠯᠬᠤ ᠶᠢ ᠴᠢᠩᠭᠠᠳᠬᠠᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ 3+2 ᠵᠠᠭᠪᠤᠷ ᠢ ᠨᠡᠪᠲᠡᠷᠡᠭᠦᠯᠦᠨ | ᠬᠥᠮᠥᠵᠢᠭᠦᠯᠬᠦ ᠲᠤᠷᠰᠢᠯᠲᠠ ᠶᠢ ᠰᠦᠪᠡᠭᠴᠢᠯᠡᠨ ᠬᠡᠷᠡᠭᠵᠢᠭᠦᠯᠦᠨ᠎ᠡ᠃ | ︽ᠬᠤᠶᠠᠷ ᠬᠤᠣᠰ︾ ᠲᠥᠯᠥᠪᠯᠡᠭᠡ ᠳᠤ ᠳᠠᠭᠢᠨ ᠰᠢᠨ᠎ᠡ ᠠᠮᠵᠢᠯᠲᠠ ᠪᠦᠲᠦᠮᠵᠢ ᠨᠡᠮᠡᠬᠦ ᠶᠢ ᠠᠬᠢᠭᠤᠯᠵᠤ᠂ ᠬᠤᠶᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ︽ᠬᠤᠶᠠᠷ ᠥᠨᠳᠥᠷ ᠬᠤᠶᠠᠷ ᠰᠢᠯᠢᠳᠡᠭ︾ ᠲᠥᠯᠥᠪᠯᠡᠭᠡ ᠶᠢᠨ ᠪᠠᠶᠢᠭᠤᠯᠤᠯᠲᠠ ᠶᠢ ᠡᠬᠢᠯᠡᠭᠦᠯᠵᠦ᠂ 20 ᠣᠷᠴᠢᠮ ᠥᠨᠳᠥᠷ ᠬᠢᠷᠢ ᠲᠦᠪᠰᠢᠨ ᠪᠦᠬᠦᠢ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 70 ᠣᠷᠴᠢᠮ ᠰᠢᠯᠢᠳᠡᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠲᠥᠯᠥᠪᠵᠢᠭᠦᠯᠦᠨ | ᠪᠦᠲᠦᠭᠡᠨ ᠪᠠᠶᠢᠭᠤᠯᠤᠨ᠎ᠠ; ᠪᠡᠭᠡᠵᠢᠩ ᠥᠪᠥᠷ ᠮᠣᠩᠭᠤᠯ᠂ ᠱᠠᠨᠰᠢ ᠥᠪᠥᠷ ᠮᠣᠩᠭᠤᠯ᠂ ᠱᠠᠩᠬᠠᠢ ᠥᠪᠥᠷ ᠮᠣᠩᠭᠤᠯ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ | ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠤᠨ᠎ᠠ᠃ | ᠵᠢᠷᠤᠭ ᠲᠥᠰᠥᠪ ᠲᠣᠳᠣᠷᠠᠨ ᠤᠷᠤᠭᠰᠢᠯᠠᠯᠲᠠ ᠶᠢᠨ ᠪᠦᠷᠢᠶ᠎ᠡ ᠬᠠᠩᠭᠢᠨᠠᠨ᠎ᠠ᠃ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠤᠨ ᠰᠠᠯᠠᠭᠠᠨ ᠤ ᠳᠠᠷᠤᠭ᠎ᠠ ᠪᠠᠢ ᠾᠧ᠄ ︽ᠪᠢᠳᠡ ᠣᠷᠣᠨ ᠤ | ᠲᠥᠪ ᠤᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ ᠰᠢᠯᠢᠳᠡᠭᠵᠢᠭᠦᠯᠦᠨ ᠨᠡᠶᠢᠳᠬᠡᠵᠦ᠂ ᠭᠦᠭᠡᠬᠤᠲᠠ ᠶᠢᠨ ᠣᠲᠣ ᠦᠶ᠎ᠡ ᠶᠢᠨ ᠦᠢᠯᠡᠴᠢᠯᠡᠭᠡᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢ ᠪᠡᠯᠡᠳᠬᠡᠨ ᠪᠠᠶᠢᠭᠤᠯᠵᠤ᠂ ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ | ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠳᠤᠮᠳᠠ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠨᠢᠭᠡ | ᠴᠣᠭᠴᠠᠵᠢᠭᠤᠯᠤᠭᠰᠠᠨ ᠴᠢᠳᠠᠪᠤᠷᠢᠲᠠᠨ ᠬᠥᠮᠥᠵᠢᠭᠦᠯᠬᠦ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ︾ ᠭᠡᠪᠡ᠃ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠠᠯᠠᠭᠠᠨ ᠤ | ᠳᠠᠷᠤᠭ᠎ᠠ ᠯᠢᠦ ᠫᠧᠩ᠄︽ᠪᠢᠳᠡ ᠠᠵᠢᠯ ᠮᠡᠷᠭᠡᠵᠢᠯ ᠤᠨ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠲᠤᠷᠰᠢᠯᠲᠠ ᠶᠢ ᠥᠷᠨᠢᠭᠦᠯᠬᠦ ᠪᠠᠷ ᠭᠠᠷᠳᠠᠴᠠ ᠪᠣᠯᠭᠠᠨ᠂ | ᠳᠤᠮᠳᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ︿3+2﹀ ᠵᠠᠭᠪᠤᠷ᠂ ᠳᠤᠮᠳᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠠᠵᠤ | ᠠᠬᠤᠶᠢᠯᠠᠯ ᠤᠨ ︿2+2+2﹀ ᠵᠠᠭᠪᠤᠷ ᠢ ᠨᠡᠪᠲᠡᠷᠡᠭᠦᠯᠦᠨ ᠬᠥᠮᠥᠵᠢᠭᠦᠯᠬᠦ ᠬᠡᠪᠴᠢᠶ᠎ᠡ ᠵᠡᠷᠭᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠣᠷᠣᠨ ᠪᠦᠰᠡ ᠶᠢᠨ ᠬᠤᠯᠪᠤᠭ᠎ᠠ ᠶᠢᠨ ᠳᠣᠲᠣᠷᠠᠬᠢ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠤᠯᠪᠣᠯᠳᠤᠭᠰᠠᠨ ᠬᠥᠭᠵᠢᠯᠲᠡ ᠶᠢ ᠠᠬᠢᠭᠤᠯᠤᠨ᠎ᠠ︾ ᠭᠡᠯᠡ᠃ | ᠡᠶᠢᠮᠦᠷᠬᠦᠦ ᠮᠠᠨ ᠤ ᠣᠷᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠰᠤᠷᠭᠠᠨ ᠬᠥᠮᠦᠵᠢᠯ ᠤᠨ ᠠᠭᠤᠰᠤᠯᠴᠠᠯ᠂ ᠠᠵᠤ ᠦᠢᠯᠡᠰ ᠪᠠ | ᠰᠤᠷᠭᠠᠨ ᠬᠥᠮᠦᠵᠢᠯ ᠤᠨ ᠠᠭᠤᠰᠤᠯᠴᠠᠯ ᠢ ᠶᠡᠭᠡ ᠪᠠᠷ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠠᠵᠢᠯ ᠮᠡᠷᠭᠡᠵᠢᠯ ᠤᠨ ᠣᠷᠣᠨ ᠪᠦᠰᠡ ᠶᠢᠨ ᠠᠵᠤ ᠠᠬᠤᠢ ᠳᠤ ᠦᠢᠯᠡᠴᠢᠯᠡᠬᠦ ᠶᠢ ᠦᠨᠡᠨ ᠬᠦ ᠠᠬᠢᠭᠤᠯᠵᠤ ᠪᠤᠢ᠃ | | |