ᠲᠦᠷᠦᠭᠦᠬᠡᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ | ᠳᠤᠮᠳᠠᠳᠤ ᠰᠤᠷᠭᠠᠭᠤᠯᠢ ᠬᠠᠮᠲᠤᠷᠠᠨ ︽ᠨᠠᠷᠠᠨ ᠵᠦᠭ ᠤᠨ ᠵᠠᠯᠠᠭᠤᠴᠤᠳ ᠤᠨ ᠠᠵᠢᠯᠯᠠᠭ᠎ᠠ︾ ᠶᠢ ᠡᠬᠢᠯᠡᠭᠦᠯᠪᠡ᠃ ᠳᠤᠰ ᠠᠵᠢᠯᠯᠠᠭ᠎ᠠ ᠨᠢ ᠶᠡᠭᠡ ᠳᠡᠭᠡᠳᠦ ᠰᠤᠷᠭᠠᠭᠤᠯᠢ | ᠪᠣᠯᠣᠨ ᠳᠤᠮᠳᠠᠳᠤ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠨᠢᠭᠡ ᠴᠣᠭᠴᠠᠵᠢᠭᠤᠯᠤᠨ ᠬᠥᠮᠥᠨ ᠬᠥᠮᠥᠵᠢᠭᠦᠯᠬᠦ ᠪᠠᠶᠢᠭᠤᠯᠤᠯᠲᠠ ᠪᠠᠷ ᠳᠠᠮᠵᠢᠨ | ᠬᠥᠮᠥᠨ ᠬᠥᠮᠥᠵᠢᠭᠦᠯᠬᠦ ᠰᠢᠨ᠎ᠡ ᠵᠠᠭᠪᠤᠷ ᠢ ᠰᠦᠪᠡᠭᠴᠢᠯᠡᠨ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︽ᠨᠠᠷᠠᠨ ᠵᠦᠭ ᠤᠨ ᠵᠠᠯᠠᠭᠤᠴᠤᠳ ᠤᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ | ᠪᠠᠶᠢᠭᠤᠯᠤᠯᠲᠠ ᠵᠢᠴᠢ ᠰᠤᠷᠭᠠᠭᠤᠯᠢ ᠶᠢᠨ ︽1361 ᠠᠵᠢᠯᠯᠠᠭᠠᠨ ᠤ ᠲᠥᠯᠥᠪᠯᠡᠭᠡ︾ ᠶᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠣᠰ | ᠠᠵᠢᠯᠯᠠᠭ᠎ᠠ ᠨᠢ ︽ᠨᠡᠷᠡᠨ ᠬᠡᠷᠡᠯᠳᠦ ᠶᠣᠰᠣ ᠰᠤᠷᠲᠠᠬᠤᠨ ᠤ ᠬᠥᠮᠦᠵᠢᠯ︾ ᠢᠶᠠᠷ ᠭᠤᠣᠯᠯᠠᠬᠤ ᠣᠶᠢᠯᠠᠭᠠᠭᠳᠠᠬᠤᠨ ᠪᠤᠯᠭᠠᠵᠤ᠂ ᠣᠶᠤᠲᠠᠨ ᠨᠠᠮ ᠤᠨ ᠭᠡᠰᠢᠭᠦᠨ᠂ ᠡᠪᠯᠡᠯ ᠤᠨ | ᠭᠡᠰᠢᠭᠦᠨ ᠢ ᠰᠢᠯᠢᠨ ᠰᠣᠩᠭᠤᠵᠤ ᠬᠠᠷᠢᠶᠠᠲᠤ ᠳᠤᠮᠳᠠᠳᠤ ᠰᠤᠷᠭᠠᠭᠤᠯᠢ ᠳᠤ ᠣᠴᠢᠭᠤᠯᠤᠨ ᠶᠣᠰᠣ ᠰᠤᠷᠲᠠᠬᠤᠨ ᠤ ᠬᠥᠮᠦᠵᠢᠯ ᠤᠨ ᠳᠠᠳᠤᠯᠭ᠎ᠠ ᠶᠢᠨ ᠦᠢᠯᠡᠳᠦᠯᠭᠡ ᠳᠤ | ᠣᠷᠣᠯᠴᠠᠭᠤᠯᠬᠤ ᠶᠢᠨ ᠬᠠᠮᠲᠤ ᠳᠤᠮᠳᠠᠳᠤ ᠰᠤᠷᠭᠠᠭᠤᠯᠢ ᠶᠢᠨ ᠰᠣᠷᠣᠬᠴᠢ ᠶᠢ ᠵᠣᠬᠢᠶᠠᠨ ᠪᠠᠶᠢᠭᠤᠯᠤᠨ ᠶᠡᠭᠡ ᠰᠤᠷᠭᠠᠭᠤᠯᠢ ᠳᠤ ᠣᠴᠢᠭᠤᠯᠤᠨ ︽ᠣᠶᠤᠲᠠᠨ︾ | ᠠᠮᠢᠳᠤᠷᠠᠯ ᠢ ᠪᠡᠶᠡᠴᠢᠯᠡᠨ ᠣᠶᠢᠯᠠᠭᠠᠭᠤᠯᠵᠤ᠂ ᠶᠡᠭᠡ ᠳᠡᠭᠡᠳᠦ ᠰᠤᠷᠭᠠᠭᠤᠯᠢ ᠪᠣᠯᠣᠨ ᠳᠤᠮᠳᠠᠳᠤ ᠰᠤᠷᠭᠠᠭᠤᠯᠢ ᠶᠢᠨ ᠦᠢᠯᠡᠳᠦᠯᠭᠡ ᠪᠠᠷ ᠬᠥᠮᠥᠨ ᠬᠥᠮᠥᠵᠢᠭᠦᠯᠬᠦ | ᠬᠡᠯᠬᠢᠶ᠎ᠡ ᠶᠢ ᠪᠡᠶᠡᠯᠡᠭᠦᠯᠬᠦ ᠪᠣᠯᠣᠨ᠎ᠠ᠃ | ︽ᠨᠠᠷᠠᠨ ᠵᠦᠭ ᠤᠨ ᠵᠠᠯᠠᠭᠤᠴᠤᠳ︾ ᠭᠡᠳᠡᠭ ᠨᠢ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠭᠡᠭᠡᠨ ᠰᠠᠷᠠᠭᠤᠯ ᠢᠷᠡᠭᠡᠳᠦᠢ ᠶᠢᠨ ᠬᠥᠭᠡᠭᠡᠴᠡᠯᠳᠦᠯ ᠢ | ᠪᠡᠯᠭᠡᠳᠡᠭᠰᠡᠨ ᠶᠤᠮ᠃ ᠲᠣᠰ ᠠᠵᠢᠯᠯᠠᠭ᠎ᠠ ᠨᠢ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠭᠦ ᠳᠤ ᠦᠢᠯᠡᠴᠢᠯᠡᠬᠦ᠂ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠮᠥᠨ ᠬᠥᠮᠥᠵᠢᠭᠦᠯᠬᠦ ᠬᠡᠯᠬᠢᠶ᠎ᠡ ᠶᠢ ᠨᠡᠪᠲᠡᠷᠡᠭᠦᠯᠬᠦ᠂ ᠰᠠᠭᠤᠷᠢ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠶᠢ | ᠬᠥᠭᠵᠢᠭᠡᠬᠦ ᠵᠢᠴᠢ ᠬᠠᠮᠵᠢᠯᠴᠠᠨ ᠬᠥᠭᠵᠢᠬᠦ ᠵᠠᠭᠪᠤᠷ ᠢ ᠪᠤᠶ ᠪᠤᠯᠭᠠᠬᠤ ᠵᠡᠷᠭᠡ ᠶᠢ ᠪᠠᠭᠲᠠᠭᠠᠨ᠎ᠠ᠃ | ᠠᠵᠢᠯᠯᠠᠭ᠎ᠠ ᠳᠤ ᠣᠷᠣᠯᠴᠠᠬᠰᠠᠨ ᠰᠤᠷᠤᠬᠴᠢᠳ ᠠᠴᠠ ᠡᠨᠡ ᠪᠣᠯ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠨᠢᠭᠡ ᠤᠳᠠᠭᠠᠨ ᠤ ᠡᠷᠬᠢᠮ ᠨᠠᠨᠳᠢᠨ | ᠲᠣᠭᠢᠶᠠᠯ ᠮᠥᠨ᠂ ᠢᠲᠡᠭᠡᠯ ᠪᠢᠰᠢᠷᠡᠯ ᠲᠠᠢ᠂ ᠶᠣᠰᠣ ᠮᠣᠷᠠᠯ ᠲᠠᠢ᠂ ᠥᠷᠭᠡᠨ ᠮᠡᠳᠡᠯᠭᠡ ᠲᠠᠢ᠂ ᠬᠠᠶᠢᠷ᠎ᠠ ᠰᠡᠳᠬᠢᠯᠭᠡ ᠲᠠᠢ ᠰᠠᠶᠢᠨ ᠪᠠᠭᠰᠢ ᠶᠢ ᠬᠥᠮᠥᠵᠢᠭᠦᠯᠬᠦ ᠳᠤ | ᠬᠠᠪᠰᠤᠷᠤᠮᠵᠢ ᠪᠣᠯᠣᠨ᠎ᠠ ᠭᠡᠵᠦ ᠦᠵᠡᠵᠡᠭᠡᠪᠡ᠃ | | |