ᠣᠶᠢᠷ᠎ᠠ ᠳᠤ᠂ ᠭᠦᠭᠡᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ︽AI ᠮᠡᠷᠭᠡᠵᠢᠯ ᠢᠶᠠᠷ ᠨᠠᠰᠤᠲᠠᠶᠢᠴᠤᠳ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠬᠢᠭᠡᠳ ᠬᠠᠮᠢᠶᠠᠷᠤᠯᠲᠠ ᠳᠤ ᠬᠦᠴᠦᠨ ᠣᠯᠭᠤᠬᠤ︾ ᠲᠤᠰᠬᠠᠢ ᠰᠡᠳᠦᠪᠲᠦ ᠲᠠᠶᠢᠯᠤᠮᠵᠢ ᠡᠷᠭᠢᠯᠡᠵᠦ᠂ 83 ᠵᠢᠭᠠᠨ ᠰᠤᠷᠭᠠᠯᠲᠠ ᠶᠢᠨ ᠠᠩᠭᠢ᠂ 11 | ᠨᠡᠶᠢᠭᠡᠮ ᠤᠨ ᠪᠦᠯᠭᠦᠮ ᠤᠨ 600 ᠭᠠᠷᠤᠢ ᠠᠬᠠᠮᠠᠳ ᠰᠣᠷᠣᠬᠴᠢ ᠬᠢᠭᠡᠳ ᠪᠠᠭᠰᠢ ᠠᠵᠢᠯᠲᠠᠨ︽ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ︾ ᠶᠢᠨ ᠵᠠᠭᠪᠤᠷ ᠢᠶᠠᠷ | ᠳᠠᠮᠵᠢᠨ ᠪᠣᠯᠪᠠᠰᠤᠷᠠᠯ ᠳᠤ ᠣᠷᠣᠯᠴᠠᠵᠠᠢ᠃ | ᠪᠣᠯᠪᠠᠰᠤᠷᠠᠯ ᠳᠤ᠂ ᠲᠤᠰᠬᠠᠢ ᠮᠡᠷᠭᠡᠵᠢᠯᠲᠡᠨ ᠠᠴᠠ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ | ᠣᠶᠤᠨᠴᠢ ᠪᠠᠷ ᠠᠯᠪᠠᠯᠠᠬᠤ᠂ ᠵᠢᠭᠠᠨ ᠰᠤᠷᠭᠠᠯᠲᠠ ᠳᠤ ᠬᠠᠪᠰᠤᠷᠤᠯᠭ᠎ᠠ ᠦᠵᠡᠭᠦᠯᠭᠦ ᠵᠡᠷᠭᠡ ᠲᠣᠭᠤᠷᠢᠨ ᠳᠤ ᠪᠣᠳᠠᠲᠤ ᠵᠢᠱᠢᠶ᠎ᠡ ᠪᠠᠷ ᠳᠠᠮᠵᠢᠭᠤᠯᠤᠨ᠂ AI ᠮᠡᠷᠭᠡᠵᠢᠯ ᠤᠨ | ᠵᠢᠭᠠᠨ ᠰᠤᠷᠭᠠᠯᠲᠠ᠂ ᠠᠯᠪᠠᠯᠠᠬᠤ᠂ ᠰᠤᠷᠤᠯᠴᠠᠬᠤ᠂ ᠠᠮᠢᠳᠤᠷᠠᠯ ᠳᠤᠮᠳᠠᠬᠢ ᠪᠣᠳᠠᠲᠠᠢ ᠬᠡᠷᠡᠭᠯᠡᠯᠲᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃ | ᠪᠣᠯᠪᠠᠰᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠤᠷ ᠲᠤ ᠣᠶᠤᠨᠴᠢ ᠪᠠᠷ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ AI ᠪᠠᠷ ᠳᠠᠮᠵᠢᠨ ᠬᠢᠴᠢᠶᠡᠯ ᠪᠡᠯᠡᠳᠬᠡᠬᠦ ᠵᠡᠷᠭᠡ | ᠪᠣᠳᠠᠲᠤ ᠬᠡᠷᠡᠭᠯᠡᠭᠡᠨ ᠤ ᠤᠷ᠎ᠠ ᠴᠢᠳᠠᠪᠤᠷᠢ ᠶᠢ ᠰᠤᠷᠤᠯᠴᠠᠵᠤ᠂ AI ᠮᠡᠷᠭᠡᠵᠢᠯ ᠤᠨ ᠠᠵᠢᠯ ᠤᠨ ᠶᠠᠪᠤᠴᠠ ᠶᠢ ᠬᠡᠷᠬᠢᠨ ᠳᠥᠭᠦᠮᠴᠢᠯᠡᠨ ᠵᠢᠭᠠᠨ ᠰᠤᠷᠭᠠᠯᠲᠠ ᠶᠢᠨ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠲᠤᠬᠠᠢ ᠨᠡᠯᠢᠶᠡᠳ ᠰᠠᠶᠢᠨ ᠣᠯᠣᠯᠲᠠ ᠲᠥᠷᠥᠭᠳᠡᠯ ᠲᠠᠢ ᠪᠣᠯᠪᠠ᠃ ᠬᠢᠴᠢᠶᠡᠯ ᠤᠨ ᠠᠭᠤᠯᠭ᠎ᠠ ᠨᠢ ᠤᠨᠤᠯ ᠤᠨ | ᠥᠨᠳᠥᠷᠴᠡ ᠪᠣᠯᠣᠨ ᠦᠢᠯᠡᠳᠦᠯᠭᠡ ᠶᠢᠨ ᠦᠷᠳᠡᠭ ᠲᠠᠢ ᠪᠠᠶᠢᠵᠤ᠂ AI ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠶᠢᠨ ᠲᠤᠬᠠᠢ ᠤᠷᠢᠳᠠᠴᠢ ᠴᠢᠨᠠᠷᠲᠠᠢ ᠵᠠᠳᠠᠯᠤᠯᠲᠠ | ᠬᠢᠭᠰᠡᠨ ᠢᠶᠠᠷ ᠪᠠᠷᠠᠬᠤ ᠦᠭᠡᠢ ᠪᠠᠰᠠ ᠪᠣᠳᠠᠲᠤ ᠦᠢᠯᠡᠳᠦᠯᠭᠡ ᠶᠢᠨ ᠵᠢᠯᠣᠭᠤᠳᠤᠯᠭ᠎ᠠ ᠬᠠᠩᠭᠠᠵᠤ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠡᠮᠦᠨ᠎ᠡ ᠹᠷᠣᠨᠲ ᠤᠨ | ᠠᠵᠢᠯᠲᠠᠳ ᠲᠤ ᠮᠡᠷᠭᠡᠵᠢᠯ ᠤᠨ ᠭᠤᠣᠯᠳᠠᠯᠭ᠎ᠠ ᠶᠢ ᠲᠦᠷᠭᠡᠨ ᠡᠵᠡᠮᠰᠢᠭᠦᠯᠪᠡ᠃ | ᠪᠣᠯᠪᠠᠰᠤᠷᠠᠯ ᠤᠨ ᠦᠷ᠎ᠡ ᠪᠦᠲᠦᠭᠡᠯ ᠢ ᠲᠦᠷᠭᠡᠬᠡᠨ ᠨᠠᠶᠢᠳᠠᠪᠤᠷᠢᠵᠢᠭᠤᠯᠬᠤ ᠶᠢᠨ ᠲᠥᠯᠥᠭᠡ ᠰᠤᠷᠭᠠᠭᠤᠯᠢ ᠠᠴᠠ ᠬᠢᠴᠢᠶᠡᠯ ᠤᠨ ᠳᠠᠷᠠᠭ᠎ᠠ AI | ᠦᠢᠯᠡᠳᠦᠯᠭᠡ ᠶᠢᠨ ᠡᠭᠦᠷᠭᠡ ᠶᠢ ᠪᠠᠶᠢᠷᠢᠯᠠᠭᠤᠯᠵᠤ᠂ ᠪᠠᠭᠰᠢ ᠵᠢᠴᠢ ᠠᠵᠢᠯᠲᠠᠨ ᠢ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠲᠠᠢ ᠪᠠᠨ | ᠤᠶᠠᠯᠳᠤᠭᠤᠯᠤᠨ᠂ AI ᠮᠡᠷᠭᠡᠵᠢᠯ ᠳᠤ ᠰᠠᠭᠤᠷᠢᠯᠠᠭᠰᠠᠨ ᠬᠢᠴᠢᠶᠡᠯ ᠤᠨ ᠲᠥᠰᠥᠯ ᠪᠤᠶᠤ ᠬᠠᠮᠢᠶᠠᠷᠤᠯᠲᠠ ᠶᠢ ᠰᠢᠯᠢᠳᠡᠭᠵᠢᠭᠦᠯᠬᠦ ᠲᠥᠰᠥᠯ ᠢ ᠲᠥᠯᠥᠪᠯᠡᠬᠦ ᠬᠡᠷᠡᠭᠲᠡᠢ ᠭᠡᠵᠦ | ᠱᠠᠭᠠᠷᠳᠠᠪᠠ᠃ | | |