ᠡᠨᠡ ᠵᠢᠯ ᠥᠪᠥᠷ ᠮᠣᠩᠭᠤᠯ ᠤᠨ ᠨᠣᠮ ᠤᠨ ᠰᠠᠩ ︽ᠡᠷᠲᠡᠨ ᠤ ᠨᠣᠮ ᠰᠤᠳᠤᠷ ᠢ ᠰᠡᠯᠪᠢᠨ ᠰᠡᠷᠭᠦᠭᠡᠬᠦ ᠤᠷ᠎ᠠ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠭᠰᠢ ᠰᠤᠷᠤᠬᠴᠢᠳ ᠢ ᠲᠡᠦᠬᠡ ᠶᠢ ᠳᠤᠭᠤᠯᠤᠬᠰᠠᠨ ᠰᠣᠶᠣᠯ ᠤᠨ ᠠᠶᠠᠯᠠᠯ ᠳᠤ ᠣᠷᠣᠭᠤᠯᠤᠨ᠂ | ᠡᠷᠲᠡᠨ ᠤ ᠨᠣᠮ ᠰᠤᠳᠤᠷ ᠢ ᠰᠡᠯᠪᠢᠨ ᠰᠡᠷᠭᠦᠭᠡᠬᠦ ᠤᠷ᠎ᠠ ᠮᠡᠷᠭᠡᠵᠢᠯ ᠢ ᠨᠡᠩ ᠤᠯᠠᠨ ᠬᠥᠮᠥᠨ ᠳᠤ ᠲᠠᠨᠢᠭᠤᠯᠵᠤ᠂ ᠤᠯᠠᠮᠵᠢᠯᠠᠯᠲᠤ ᠰᠣᠶᠣᠯ ᠢ ᠬᠠᠶᠢᠷᠠᠯᠠᠨ ᠬᠠᠮᠠᠭᠠᠯᠠᠬᠤ | ᠤᠬᠠᠮᠰᠠᠷ ᠢ ᠨᠢ ᠤᠯᠠᠮ ᠳᠡᠭᠡᠭᠰᠢᠯᠡᠭᠦᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠡᠷᠲᠡᠨ ᠤ ᠨᠣᠮ ᠰᠤᠳᠤᠷ ᠢ ᠰᠡᠯᠪᠢᠨ ᠵᠠᠰᠠᠬᠤ ᠶᠡᠷᠦᠳᠡ ᠶᠢᠨ ᠠᠵᠢᠯ ᠢ ᠭᠤᠣᠯᠳᠠᠭᠤ ᠡᠷᠲᠡᠨ ᠤ ᠨᠣᠮ ᠪᠢᠴᠢᠭ ᠤᠨ | ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠰᠫᠢᠷᠠᠨᠲ ᠪᠠ ᠶᠡᠭᠡ ᠳᠡᠭᠡᠳᠦ ᠰᠤᠷᠭᠠᠭᠤᠯᠢ ᠶᠢᠨ ᠨᠣᠮ ᠤᠨ ᠰᠠᠩ ᠤᠨ ᠪᠠᠭᠰᠢ ᠳᠤ ᠬᠠᠨᠳᠤᠭᠤᠯᠵᠤ᠂ ᠭᠠᠷᠠᠭ ᠪᠦᠷᠢ ᠶᠢᠨ | ᠳᠥᠷᠪᠡᠨ ᠳᠤ ᠡᠷᠲᠡᠨ ᠤ ᠨᠣᠮ ᠪᠢᠴᠢᠭ ᠢ ᠰᠡᠯᠪᠢᠨ ᠰᠡᠷᠭᠦᠭᠡᠬᠦ ᠬᠢᠴᠢᠶᠡᠯ ᠤᠨ ᠰᠤᠷᠤᠯᠴᠠᠯᠭ᠎ᠠ ᠪᠠ ᠪᠣᠳᠠᠲᠤ ᠠᠵᠢᠯᠯᠠᠭ᠎ᠠ ᠭᠢᠯᠭᠡᠵᠤ ᠪᠤᠢ᠃ ᠪᠠᠰᠠ ᠨᠣᠮ ᠤᠩᠰᠢᠬᠤ | ᠰᠠᠷ᠎ᠠ᠂ ᠳᠡᠯᠡᠬᠡᠢ ᠶᠢᠨ ᠨᠣᠮ ᠤᠩᠰᠢᠬᠤ ᠡᠳᠦᠷ ᠵᠡᠷᠭᠡ ᠶᠢ ᠲᠣᠬᠢᠶᠠᠯᠳᠤᠭᠤᠯᠤᠨ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ᠂ | ᠡᠷᠲᠡᠨ ᠤ ᠨᠣᠮ ᠪᠢᠴᠢᠭ ᠢ ᠬᠠᠮᠠᠭᠠᠯᠠᠬᠤ ᠬᠢᠴᠢᠶᠡᠯ ᠵᠢᠴᠢ ᠡᠷᠲᠡᠨ ᠤ ᠨᠣᠮ ᠪᠢᠴᠢᠭ ᠢ ᠰᠡᠯᠪᠢᠨ ᠰᠡᠷᠭᠦᠭᠡᠬᠦ ᠤᠷ᠎ᠠ ᠮᠡᠷᠭᠡᠵᠢᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ | ᠥᠷᠨᠢᠭᠦᠯᠵᠦ ᠪᠤᠢ᠃ | ᠥᠪᠥᠷ ᠮᠣᠩᠭᠤᠯ ᠤᠨ ᠨᠣᠮ ᠤᠨ ᠰᠠᠩ ᠤᠨ ᠡᠷᠲᠡᠨ ᠤ ᠨᠣᠮ ᠰᠤᠳᠤᠷ ᠢ ᠰᠡᠯᠪᠢᠨ ᠰᠡᠷᠭᠦᠭᠡᠬᠦ ᠪᠠᠭᠰᠢ ᠨᠠᠷ ᠡᠯᠪᠡᠭ ᠪᠠᠶᠠᠯᠢᠭ ᠭᠡᠷᠡᠯ ᠵᠢᠷᠤᠭ᠂ ᠸᠢᠳᠢᠤ᠋ | ᠮᠠᠲ᠋ᠧᠷᠢᠶᠠᠯ ᠢᠶᠠᠷ ᠳᠠᠮᠵᠢᠨ ᠪᠠᠭᠰᠢ ᠰᠤᠷᠤᠬᠴᠢᠳ ᠲᠤ ᠡᠷᠲᠡᠨ ᠤ ᠨᠣᠮ ᠰᠤᠳᠤᠷ ᠢ ᠰᠡᠯᠪᠢᠨ ᠰᠡᠷᠭᠦᠭᠡᠬᠦ ᠤᠷ᠎ᠠ ᠮᠡᠷᠭᠡᠵᠢᠯ ᠢ ᠨᠠᠷᠢᠨ ᠲᠠᠶᠢᠯᠪᠤᠷᠢᠯᠠᠬᠤ ᠶᠢᠨ ᠬᠠᠮᠲᠤ | ᠰᠤᠷᠤᠬᠴᠢᠳ ᠢ ᠪᠠᠶᠠᠳᠠᠨ ᠭᠢᠯᠭᠡᠵᠦ᠂ ᠤᠷ᠎ᠠ ᠮᠡᠷᠭᠡᠵᠢᠯ ᠢ ᠪᠠᠲᠤᠲᠠᠢ ᠡᠵᠡᠮᠰᠢᠭᠦᠯᠬᠦ ᠶᠢᠨ ᠤᠯᠠᠮ ᠠᠴᠠ ᠡᠷᠲᠡᠨ ᠤ ᠨᠣᠮ ᠰᠤᠳᠤᠷ ᠢ ᠰᠡᠯᠪᠢᠨ ᠰᠡᠷᠭᠦᠭᠡᠬᠦ ᠬᠠᠪᠤ ᠴᠡᠩᠭᠡᠯ | ᠢ ᠡᠳ᠋ᠯᠡᠭᠦᠯᠵᠦ ᠪᠠᠶᠢᠨ᠎ᠠ᠃ ︽ᠡᠷᠲᠡᠨ ᠤ ᠨᠣᠮ ᠰᠤᠳᠤᠷ ᠢ ᠰᠡᠯᠪᠢᠨ ᠰᠡᠷᠭᠦᠭᠡᠬᠦ ᠤᠷ᠎ᠠ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ | 2023 ᠣᠨ ᠳᠤ ᠡᠬᠢᠯᠡᠵᠦ ᠶᠠᠪᠤᠭᠳᠠᠭᠰᠠᠨ ᠠᠴᠠ ᠨᠠᠭᠠᠰᠢ᠂ ᠤᠯᠠᠮᠵᠢᠯᠠᠯᠲᠤ ᠰᠣᠶᠣᠯ ᠤᠨ ᠦᠨᠡᠲᠦ ᠡᠷᠳᠡᠨᠢ ᠶᠢ ᠰᠤᠷᠤᠬᠴᠢᠳ ᠲᠤ ᠬᠦᠷᠲᠡᠭᠡᠵᠦ᠂ ᠲᠡᠦᠬᠡ ᠰᠣᠶᠣᠯ | ᠢ ᠬᠠᠶᠢᠷᠠᠯᠠᠬᠤ ᠪᠠ ᠤᠯᠠᠮᠵᠢᠯᠠᠨ ᠵᠠᠯᠭᠠᠮᠵᠢᠯᠠᠬᠤ ᠤᠬᠠᠮᠰᠠᠷ ᠢ ᠨᠢ ᠤᠯᠠᠮ ᠬᠥᠭᠵᠢᠭᠡᠨ᠂ ᠰᠤᠷᠤᠬᠴᠢᠳ ᠤᠨ ᠤᠯᠠᠮᠵᠢᠯᠠᠯᠲᠤ ᠰᠣᠶᠣᠯ ᠢ ᠬᠠᠶᠢᠷᠠᠯᠠᠨ ᠬᠠᠮᠠᠭᠠᠯᠠᠬᠤ | ᠤᠬᠠᠮᠰᠠᠷ ᠢ ᠪᠠᠲᠤᠳᠬᠠᠭᠰᠠᠨ ᠢᠶᠠᠷ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠣᠯᠵᠠᠢ᠃ | | |